︽ᠴᠣᠳᠣᠭᠣᠷ ᠬᠦᠦ︾ ᠰᠢᠲᠠᠷ᠎ᠠ ᠶᠢᠨ ᠲᠡᠮᠡᠴᠡᠭᠡᠨ ᠪᠤᠯᠵᠤ ᠪᠠᠶᠢᠨ᠎ᠠ | News.MN

︽ᠴᠣᠳᠣᠭᠣᠷ ᠬᠦᠦ︾ ᠰᠢᠲᠠᠷ᠎ᠠ ᠶᠢᠨ ᠲᠡᠮᠡᠴᠡᠭᠡᠨ ᠪᠤᠯᠵᠤ ᠪᠠᠶᠢᠨ᠎ᠠ

ᠮᠣᠩᠭᠣᠯ ᠤᠯᠤᠰ ᠤᠨ ᠠᠪᠤᠷᠭᠤ᠂ ᠰᠫᠣᠷᠲ ᠤᠨ ᠮᠠᠰᠲ᠋ᠸᠷ ᠨᠢᠮ᠎ᠠ ᠶᠢᠨ ᠲᠥᠷᠦᠪᠠᠲᠤ ᠠᠭᠰᠠᠨ ᠤ ᠨᠡᠷᠡᠮᠵᠢᠲᠦ 28 ᠳ᠋ᠡᠬᠢ ᠤᠳᠠᠭ᠎ᠠ ᠶᠢᠨ ︽ᠴᠣᠳᠣᠭᠣᠷ ᠬᠦᠦ︾ ᠥᠰᠪᠦᠷᠢ ᠶᠢᠨ ᠰᠢᠲᠠᠷᠠᠴᠢᠳ ᠤᠨ ᠤᠯᠤᠰ ᠤᠨ ᠠᠪᠤᠷᠭᠤ ᠰᠢᠯᠭᠠᠷᠠᠭᠤᠯᠬᠤ ᠰᠢᠲᠠᠷ᠎ᠠ ᠶᠢᠨ ᠲᠡᠮᠡᠴᠡᠭᠡᠨ ᠮᠣᠩᠭᠣᠯ ᠤᠨ ᠬᠡᠦᠬᠡᠳ ᠦᠨ ᠣᠷᠳᠣᠨ ᠳᠤ  ᠡᠬᠢᠯᠡᠯ᠎ᠡ᠃ ᠡᠨᠡ ᠤᠳᠠᠭ᠎ᠠ ᠶᠢᠨ ᠲᠡᠮᠡᠴᠡᠭᠡᠨ ᠳᠦ ᠡᠷᠡᠭᠲᠡᠢ᠂ ᠡᠮᠡᠭᠲᠡᠢ 5᠂ 7᠂ 9᠂11 ᠬᠦᠷᠲᠡᠯᠡᠬᠢ ᠨᠠᠰᠤᠨ ᠤ ᠮᠣᠩᠭᠣᠯ ᠤᠯᠤᠰ ᠤᠨ 333 ᠰᠤᠮᠤ᠂ 21 ᠠᠶᠢᠮᠠᠭ᠂ 9 ᠳᠡᠭᠦᠷᠭᠡ ᠶᠢᠨ ᠠᠩᠬᠠᠨ ᠱᠠᠲᠤ᠂ ᠳᠤᠮᠳᠠ ᠱᠠᠲᠤᠨ ᠤ ᠰᠢᠯᠭᠠᠷᠠᠭᠤᠯᠤᠯᠲᠠ ᠠᠴᠠ ᠰᠢᠯᠭᠠᠷᠠᠭᠰᠠᠨ ᠰᠢᠯᠢᠳᠡᠭ 300 ᠭᠠᠷᠤᠢ ᠰᠢᠲᠠᠷᠠᠴᠢᠳ ᠣᠶᠤᠨ ᠤᠬᠠᠭᠠᠨ ᠢᠶᠠᠨ ᠰᠣᠷᠢᠵᠤ ᠪᠠᠶᠢᠨ᠎ᠠ᠃ ᠲᠤᠰ ᠲᠡᠮᠡᠴᠡᠭᠡᠨ ᠦ 7᠂ 9᠂ 11 ᠨᠠᠰᠤᠨ ᠤ ᠠᠩᠭᠢᠯᠠᠯ ᠳᠤ ᠲᠦᠷᠦᠭᠦᠯᠡᠭᠰᠡᠨ ᠥᠰᠪᠦᠷᠢ ᠶᠢᠨ ᠰᠢᠲᠠᠷᠠᠴᠢᠳ ᠮᠣᠩᠭᠣᠯ ᠤᠯᠤᠰ ᠢᠶᠠᠨ ᠲᠥᠯᠥᠭᠡᠯᠡᠨ ᠰᠤᠷᠤᠭᠴᠢᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠰᠢᠲᠠᠷ᠎ᠠ ᠶᠢᠨ ᠲᠡᠮᠡᠴᠡᠭᠡᠨ ᠳᠦ ᠤᠷᠤᠯᠴᠠᠬᠤ ᠡᠷᠬᠡ ᠲᠡᠢ ᠪᠣᠯᠬᠤ ᠶᠤᠮ᠃

ᠰᠡᠳᠬᠢᠭᠳᠡᠯ ᠦᠯᠡᠳᠡᠭᠡᠬᠦ