ᠬᠦᠢᠲᠡᠨ ᠦ ᠤᠯᠠᠷᠢᠯ ᠪᠤᠶᠤ ᠵᠢᠯ ᠪᠦᠷᠢ ᠶᠢᠨ ᠠᠷᠪᠠᠨ ᠨᠢᠭᠡᠳᠦᠭᠡᠷ ᠰᠠᠷ᠎ᠠ ᠠᠴᠠ ᠲᠠᠪᠤᠳᠤᠭᠠᠷ ᠰᠠᠷ᠎ᠠ ᠬᠦᠷᠲᠡᠯᠡᠬᠢ ᠬᠤᠭᠤᠴᠠᠭᠠᠨ ᠳᠤ᠂ ᠭᠠᠵᠠᠷ᠂ ᠵᠠᠮ ᠬᠠᠷᠭᠤᠢ ᠬᠥᠯᠳᠡᠭᠦᠦ᠂ ᠬᠠᠯᠲᠤᠷᠢᠭ᠎ᠠ ᠲᠠᠢ ᠪᠠᠶᠢᠬᠤ ᠳᠤ ᠬᠤᠷᠳᠤᠨ ᠮᠣᠷᠢᠨ ᠤ ᠤᠷᠤᠯᠳᠤᠭᠠᠨ ᠵᠣᠬᠢᠶᠠᠨ ᠪᠠᠶᠢᠭᠤᠯᠳᠠᠭ ᠪᠠᠶᠢᠪᠠ᠃ ᠡᠭᠦᠨ ᠡᠴᠡ ᠪᠣᠯᠵᠤ ᠬᠡᠦᠬᠡᠳ ᠦᠳ ᠬᠤᠷᠳᠤᠨ ᠮᠣᠷᠢᠨ ᠠᠴᠠ ᠤᠨᠠᠵᠤ ᠪᠡᠷᠲᠡᠯ᠂ ᠭᠡᠮᠲᠦᠯ ᠠᠪᠬᠤ᠂ ᠭᠠᠷ᠂ ᠬᠥᠯ᠂ ᠬᠠᠴᠠᠷ ᠢᠶᠠᠨ ᠬᠥᠯᠳᠡᠭᠡᠬᠦ᠂ ᠬᠥᠭᠵᠢᠯ ᠦᠨ ᠪᠡᠷᠬᠡᠰᠢᠶᠡᠯ ᠲᠡᠢ ᠪᠣᠯᠬᠤ ᠠᠴᠠ ᠡᠬᠢᠯᠡᠭᠡᠳ ᠠᠮᠢ ᠨᠠᠰᠤ ᠪᠠᠨ ᠠᠯᠳᠠᠬᠤ ᠬᠦᠷᠲᠡᠯ᠎ᠡ ᠰᠡᠳᠬᠢᠯ ᠰᠠᠨᠠᠭ᠎ᠠ᠂ ᠪᠡᠶ᠎ᠡ ᠮᠠᠬᠠᠪᠤᠳ᠂ ᠡᠷᠡᠭᠦᠯ ᠮᠡᠨᠳᠦ ᠶᠢᠨ ᠨᠣᠴᠢᠲᠠᠢ ᠬᠣᠬᠢᠷᠠᠯ ᠠᠮᠰᠠᠭᠰᠠᠨ ᠲᠣᠬᠢᠶᠠᠯᠳᠤᠯ ᠣᠯᠠᠨ ᠢᠶᠠᠷ ᠭᠠᠷᠳᠠᠭ᠃ ᠬᠠᠮᠤᠭ ᠤᠨ ᠰᠡᠭᠦᠯ ᠳᠦ ᠪᠤᠶᠤ 2019 ᠣᠨ ᠭᠠᠷᠤᠭᠠᠳ ᠬᠤᠷᠳᠤᠨ ᠮᠣᠷᠢ ᠬᠥᠯᠥᠰᠥᠯᠡᠬᠦ ᠦᠶ᠎ᠡ ᠪᠡᠷ 10 ᠨᠠᠰᠤᠲᠠᠢ ᠬᠡᠦᠬᠡᠳ ᠮᠣᠷᠢᠨ ᠠᠴᠠ ᠤᠨᠤᠵᠤ ᠨᠠᠰᠤ ᠪᠠᠷᠠᠭᠰᠠᠨ ᠬᠠᠷᠠᠮᠰᠠᠯᠲᠠᠢ ᠲᠣᠬᠢᠶᠠᠯᠳᠤᠯ ᠭᠠᠷᠴᠠᠢ᠃ ᠡᠶᠢᠮᠦ ᠳᠦ ᠬᠦᠢᠲᠡᠨ ᠦ ᠪᠤᠶᠤ ᠡᠪᠦᠯ ᠬᠠᠪᠤᠷ ᠤᠨ ᠤᠯᠠᠷᠢᠯ ᠳᠤ ᠬᠤᠷᠳᠤᠨ ᠮᠣᠷᠢᠨ ᠤ ᠤᠷᠤᠯᠳᠤᠭᠠᠨ ᠵᠣᠬᠢᠶᠠᠨ ᠪᠠᠶᠢᠭᠤᠯᠬᠤ ᠦᠭᠡᠢ᠂ ᠬᠡᠦᠬᠡᠳ ᠢᠶᠡᠷ ᠬᠤᠷᠳᠤᠨ ᠮᠣᠷᠢ ᠤᠨᠤᠭᠤᠯᠬᠤ ᠦᠭᠡᠢ ᠪᠠᠶᠢᠬᠤ ᠲᠠᠯ᠎ᠠ ᠪᠠᠷ ᠮᠣᠩᠭᠣᠯ ᠤᠯᠤᠰ ᠤᠨ ᠬᠦᠮᠦᠨ ᠦ ᠡᠷᠬᠡ ᠶᠢᠨ ᠺᠣᠮᠢᠰ ᠵᠠᠰᠠᠭ ᠤᠨ ᠭᠠᠵᠠᠷ ᠪᠣᠯᠤᠨ 21 ᠠᠶᠢᠮᠠᠭ ᠤᠨ ᠵᠠᠰᠠᠭ ᠳᠠᠷᠤᠭ᠎ᠠ ᠨᠠᠷ ᠲᠤ ᠵᠥᠪᠯᠡᠮᠵᠢ ᠬᠦᠷᠭᠡᠭᠦᠯᠦᠭᠡᠳ ᠪᠠᠶᠢᠨ᠎ᠠ᠃
ᠦᠷ᠎ᠡ ᠬᠡᠦᠬᠡᠳ ᠦᠨ ᠢᠶᠡᠨ ᠠᠮᠢᠳᠤ ᠶᠠᠪᠤᠬᠤ᠂ ᠡᠷᠡᠭᠦᠯ ᠠᠶᠤᠯ ᠦᠭᠡᠢ ᠤᠷᠴᠢᠨ ᠳᠤ ᠥᠰᠴᠦ᠂ ᠲᠣᠷᠨᠢᠬᠤ᠂ ᠬᠥᠭᠵᠢᠬᠦ᠂ ᠰᠤᠷᠴᠤ ᠪᠣᠯᠪᠠᠰᠤᠷᠠᠬᠤ ᠡᠷᠬᠡ ᠶᠢ ᠬᠠᠩᠭᠠᠬᠤ ᠬᠠᠮᠠᠭᠠᠯᠠᠬᠤ ᠡᠭᠦᠷᠭᠡ ᠶᠢ ᠲᠡᠳᠡᠨ ᠦ ᠪᠡᠨ ᠡᠮᠦᠨ᠎ᠡ ᠬᠦᠯᠢᠶᠡᠳᠡᠭ᠃ ᠡᠶᠢᠮᠦ ᠳᠦ ᠬᠦᠢᠲᠡᠨ ᠦ ᠤᠯᠠᠷᠢᠯ ᠪᠤᠶᠤ ᠡᠪᠦᠯ ᠬᠠᠪᠤᠷ ᠤᠨ ᠤᠯᠠᠷᠢᠯ ᠳᠤ ᠬᠡᠦᠬᠡᠳ ᠢᠶᠡᠷ ᠢᠶᠡᠨ ᠬᠤᠷᠳᠤᠨ ᠮᠣᠷᠢ ᠤᠨᠤᠭᠤᠯᠬᠤ ᠦᠭᠡᠢ ᠪᠠᠶᠢᠬᠤ ᠶᠢ ᠠᠩᠬᠠᠷᠤᠭᠤᠯᠵᠤ ᠪᠠᠶᠢᠨ᠎ᠠ ᠭᠡᠵᠦ ᠲᠤᠰ ᠺᠣᠮᠢᠰ ᠠᠴᠠ ᠮᠡᠳᠡᠭᠳᠡᠯ᠎ᠡ᠃