ᠨᠣᠪᠧᠯ ᠳᠤ ᠨᠡᠷ᠎ᠡ ᠳᠡᠪᠰᠢᠭᠦᠯᠬᠦ ᠵᠣᠬᠢᠶᠠᠯᠴᠢ ᠲᠤᠭᠲᠠᠭ᠎ᠠ ᠦᠭᠡᠢ ᠪᠠᠶᠢᠨ᠎ᠠ | News.MN

ᠨᠣᠪᠧᠯ ᠳᠤ ᠨᠡᠷ᠎ᠡ ᠳᠡᠪᠰᠢᠭᠦᠯᠬᠦ ᠵᠣᠬᠢᠶᠠᠯᠴᠢ ᠲᠤᠭᠲᠠᠭ᠎ᠠ ᠦᠭᠡᠢ ᠪᠠᠶᠢᠨ᠎ᠠ

︽2019 ᠣᠨ ᠤ ᠤᠳᠬ᠎ᠠ ᠵᠣᠬᠢᠶᠠᠯ ᠤᠨ ᠰᠠᠯᠪᠤᠷᠢ ᠶᠢᠨ ᠨᠣᠪᠧᠯ ᠤᠨ ᠱᠠᠩᠨᠠᠯ ᠳᠤ ᠮᠣᠩᠭᠣᠯ ᠤᠯᠤᠰ ᠠᠴᠠ ᠵᠣᠬᠢᠶᠠᠯᠴᠢᠳ ᠤᠨ ᠡᠪᠯᠡᠯ ᠦᠨ ᠱᠠᠩᠨᠠᠯᠲᠤ᠂ ᠵᠣᠬᠢᠶᠠᠯᠴᠢ ᠳ∙ᠤᠷᠢᠶᠠᠩᠬᠠᠢ ᠶᠢ ᠳᠠᠬᠢᠨ ᠨᠡᠷ᠎ᠡ ᠳᠡᠪᠰᠢᠭᠦᠯᠬᠦ ᠪᠡᠷ ᠪᠣᠯᠤᠯ᠎ᠠ︾ ᠭᠡᠬᠦ ᠮᠡᠳᠡᠭᠡᠯᠡᠯ ᠣᠯᠠᠨ ᠨᠡᠶᠢᠲᠡ ᠶᠢᠨ ᠰᠦᠯᠵᠢᠶᠡᠨ ᠳᠦ ᠰᠠᠴᠤᠭᠳᠠᠵᠤ ᠡᠬᠢᠯᠡᠭᠡᠳ ᠪᠠᠶᠢᠭ᠎ᠠ᠃ ᠡᠨᠡ ᠲᠠᠯ᠎ᠠ ᠪᠠᠷ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠬᠡᠯᠡ ᠤᠳᠬ᠎ᠠ ᠵᠣᠬᠢᠶᠠᠯ ᠤᠨ ᠬᠦᠷᠢᠶᠡᠯᠡᠩ ᠡᠴᠡ ᠯᠠᠪᠯᠠᠬᠤ ᠳᠤ ᠰᠸᠸᠳ᠋ᠸᠨ ᠤᠯᠤᠰ ᠳᠠᠬᠢ ᠨᠣᠪᠧᠯ ᠤᠨ ᠬᠣᠷᠢᠶᠠᠨ ᠠᠴᠠ ᠤᠳᠬ᠎ᠠ ᠵᠣᠬᠢᠶᠠᠯ ᠤᠨ ᠰᠠᠯᠪᠤᠷᠢ ᠳᠤ ᠵᠣᠬᠢᠶᠠᠯᠴᠢ ᠪᠠᠨ ᠨᠡᠷ᠎ᠡ ᠳᠡᠪᠰᠢᠭᠦᠯᠬᠦ ᠰᠠᠨᠠᠯ ᠢᠷᠡᠭᠦᠯᠦᠭᠰᠡᠨ ᠨᠢ ᠦᠨᠡᠨ᠂ ᠬᠠᠷᠢᠨ ᠶᠠᠭ ᠬᠡᠨ ᠢ ᠨᠡᠷ᠎ᠡ ᠳᠡᠪᠰᠢᠭᠦᠯᠬᠦ ᠪᠡᠨ ᠠᠯᠪᠠᠨ ᠶᠣᠰᠣᠭᠠᠷ ᠲᠣᠭᠲᠠᠭ᠎ᠠ ᠦᠭᠡᠢ ᠪᠠᠶᠢᠭ᠎ᠠ ᠭᠡᠯ᠎ᠡ᠃
ᠲᠣᠳᠣᠷᠠᠭᠤᠯᠪᠠᠯ᠂ ᠡᠨᠡ ᠣᠨ ᠤ ᠨᠢᠭᠡᠳᠦᠭᠡᠷ ᠰᠠᠷ᠎ᠠ ᠶᠢᠨ 31 ᠍ ᠦ ᠳᠣᠲᠣᠷ᠎ᠠ ᠨᠡᠷ᠎ᠡ ᠳᠡᠪᠰᠢᠭᠴᠢ ᠶᠢ ᠲᠣᠳᠣᠷᠠᠭᠤᠯᠵᠤ ᠨᠣᠪᠧᠯ ᠤᠨ ᠬᠣᠷᠢᠶᠠᠨ ᠳᠤ ᠮᠡᠳᠡᠭᠳᠡᠬᠦ ᠵᠢᠷᠤᠮ ᠲᠠᠢ᠃ ᠡᠭᠦᠨ ᠡᠴᠡ ᠡᠮᠦᠨ᠎ᠡ ᠬᠡᠯᠡ ᠤᠳᠬ᠎ᠠ ᠵᠣᠬᠢᠶᠠᠯ ᠤᠨ ᠬᠦᠷᠢᠶᠡᠯᠡᠩ ᠪᠣᠯᠤᠨ ᠮᠡᠷᠭᠡᠵᠢᠯ ᠦᠨ ᠪᠠᠶᠢᠭᠤᠯᠤᠯᠭ᠎ᠠ ᠨᠤᠭᠤᠳ ᠬᠠᠮᠲᠤᠷᠠᠨ ᠵᠥᠪᠯᠡᠯᠳᠦᠵᠦ᠂ ᠨᠡᠷ᠎ᠡ ᠳᠡᠪᠰᠢᠭᠦᠯᠬᠦ ᠵᠣᠬᠢᠶᠠᠯᠴᠢ ᠪᠠᠨ ᠲᠤᠳᠤᠷᠠᠭᠤᠯᠵᠤ᠂ ᠨᠡᠷ᠎ᠡ ᠶᠢ ᠨᠢ ᠰᠢᠤᠳᠠᠨ ᠢᠶᠠᠷ ᠶᠠᠪᠤᠭᠤᠯᠬᠤ ᠶᠤᠮ᠃ ᠮᠠᠨ ᠤ ᠤᠯᠤᠰ  2018 ᠣᠨ ᠤ ᠤᠳᠬ᠎ᠠ ᠵᠣᠬᠢᠶᠠᠯ ᠤᠨ ᠨᠣᠪᠧᠯ ᠤᠨ ᠱᠠᠩᠨᠠᠯ ᠳᠤ ᠵᠣᠬᠢᠶᠠᠯᠴᠢ᠂ ᠢᠷᠠᠭᠤ ᠨᠠᠶᠢᠷᠠᠭᠴᠢ ᠳ∙ᠤᠷᠢᠶᠠᠩᠬᠠᠢ ᠶᠢ ᠨᠡᠷ᠎ᠡ ᠳᠡᠪᠰᠢᠭᠦᠯᠵᠦ ᠪᠠᠶᠢᠭᠰᠠᠨ ᠪᠢᠯᠡ᠃

ᠰᠡᠳᠬᠢᠭᠳᠡᠯ ᠦᠯᠡᠳᠡᠭᠡᠬᠦ