ᠰᠤᠶᠢᠳᠤᠭ᠍ᠰᠡᠨ ᠭᠠᠵᠠᠷ ᠤᠨ ᠲᠣᠭ᠎ᠠ ᠶᠢ ᠤᠳᠠᠬᠤ ᠦᠭᠡᠢ ᠭᠠᠷᠭᠠᠨ᠎ᠠ | News.MN

ᠰᠤᠶᠢᠳᠤᠭ᠍ᠰᠡᠨ ᠭᠠᠵᠠᠷ ᠤᠨ ᠲᠣᠭ᠎ᠠ ᠶᠢ ᠤᠳᠠᠬᠤ ᠦᠭᠡᠢ ᠭᠠᠷᠭᠠᠨ᠎ᠠ

ᠠᠭᠤᠯᠠ ᠠᠭᠤᠷᠬᠠᠢ ᠶᠢᠨ ᠠᠰᠢᠭᠯᠠᠯᠲᠠ ᠶᠢᠨ ᠤᠯᠠᠮ ᠠᠴᠠ ᠡᠪᠳᠡᠷᠡᠵᠤ ᠰᠤᠶᠢᠳᠤᠭ᠍ᠰᠡᠨ ᠭᠠᠵᠠᠷ ᠤᠳ ᠢ ᠥᠩᠭᠡᠷᠡᠭᠰᠡᠨ ᠣᠨ ᠳᠤ ᠠᠶᠢᠮᠠᠭ ᠲᠤᠰ ᠪᠦᠷᠢ ᠨᠢ ᠲᠣᠭᠠᠯᠠᠬᠤ ᠦᠢᠯᠡ ᠠᠵᠢᠯᠯᠠᠭ᠎ᠠ ᠪᠠᠨ ᠶᠠᠪᠤᠭᠤᠯᠵᠠᠢ᠃ ᠠᠶᠢᠮᠠᠭ ᠲᠤ ᠲᠤᠰ ᠪᠦᠷᠢ ᠡᠨᠡᠬᠦ ᠲᠣᠭᠠᠯᠠᠯᠭ᠎ᠠ ᠶᠢᠨ ᠢᠶᠠᠨ ᠳ᠋ᠦᠩ ᠢᠶᠡᠨ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ ᠳᠤ ᠢᠷᠡᠭᠦᠯᠵᠦ ᠪᠠᠶᠢᠭ᠎ᠠ ᠪᠥᠭᠡᠳ ᠡᠬᠢᠨ ᠦ ᠤᠯᠠᠷᠢᠯ ᠳᠤ ᠪᠠᠭᠲᠠᠭᠠᠨ ᠨᠢᠭᠡᠳᠬᠡᠵᠤ ᠲᠠᠨᠢᠯᠴᠠᠭᠤᠯᠬᠤ ᠪᠠᠷ ᠲᠥᠯᠥᠪᠯᠡᠭᠡᠳ ᠪᠠᠶᠢᠭ᠎ᠠ ᠶᠤᠮ ᠪᠠᠶᠢᠨ᠎ᠠ᠃
ᠰᠠᠯᠪᠤᠷᠢ ᠶᠢᠨ ᠰᠠᠶᠢᠳ ᠨ∙ᠴᠡᠷᠡᠩᠪᠠᠲᠤ ᠬᠡᠯᠡᠬᠦ ᠳᠦ ᠪᠡᠨ ᠄ᠠᠭᠤᠯᠠ ᠠᠭᠤᠷᠬᠠᠢ ᠶᠢᠨ ᠰᠠᠯᠪᠤᠷᠢ ᠥᠷᠭᠡᠵᠢᠵᠦ ᠡᠬᠢᠯᠡᠭᠰᠡᠨ ᠡᠴᠡ ᠬᠣᠶᠢᠰᠢ ᠮᠣᠩᠭᠣᠯ ᠤᠯᠤᠰ ᠲᠤ ᠬᠡᠳᠦᠢ ᠬᠡᠮᠵᠢᠶᠡᠨ ᠦ ᠬᠣᠬᠢᠷᠠᠯ ᠪᠤᠢ ᠪᠣᠯᠤᠭᠰᠠᠨ ᠪᠤᠢ ᠭᠡᠳᠡᠭ ᠳ᠋ᠦᠩ ᠭᠠᠷᠤᠨ᠎ᠠ᠃ ᠬᠡᠳᠦᠨ ᠭᠠ ᠲᠠᠯᠠᠪᠠᠢ ᠡᠪᠳᠡᠷᠡᠵᠤ ᠰᠤᠶᠢᠳᠤᠭ᠍ᠰᠡᠨ᠂ ᠲᠡᠭᠦᠨ ᠢ ᠨᠥᠬᠥᠨ ᠰᠡᠷᠭᠦᠭᠡᠬᠦ ᠳᠦ ᠶᠠᠮᠠᠷ ᠬᠡᠮᠵᠢᠶᠡᠨ ᠦ ᠵᠠᠷᠤᠳᠠᠯ ᠱᠠᠭᠠᠷᠳᠠᠯᠭ᠎ᠠ ᠲᠠᠢ ᠪᠤᠢ ᠭᠡᠳᠡᠭ ᠨᠢ ᠲᠣᠳᠣᠷᠬᠠᠢ ᠪᠣᠯᠤᠨ᠎ᠠ᠃ ᠡᠨᠡ ᠮᠥᠩᠭᠥ ᠨᠢ ᠠᠭᠤᠯᠠ ᠠᠭᠤᠷᠬᠠᠢ ᠠᠴᠠ ᠣᠯᠤᠭᠰᠠᠨ ᠠᠰᠢᠭ ᠠᠴᠠ ᠪᠠᠨ ᠳᠠᠪᠠᠭᠰᠠᠨ ᠤᠤ᠂ ᠦᠭᠡᠢ ᠦᠦ ᠭᠡᠳᠡᠭ ᠨᠢ ᠬᠠᠷᠠᠭᠳᠠᠬᠤ ᠪᠠᠶᠢᠬᠤ᠃ ᠡᠭᠦᠨ ᠳᠡᠭᠡᠷ᠎ᠡ ᠦᠨᠳᠦᠰᠦᠯᠡᠭᠡᠳ ᠠᠭᠤᠯᠠ ᠠᠭᠤᠷᠬᠠᠢ ᠶᠢᠨ ᠪᠥᠰᠡ ᠨᠤᠲᠤᠭ ᠤᠨ ᠬᠢᠯᠢ ᠵᠠᠭᠠᠭ ᠢ ᠲᠣᠳᠣᠷᠬᠠᠢ ᠪᠣᠯᠭᠠᠵᠤ ᠠᠵᠢᠯᠯᠠᠬᠤ ᠨᠢ ᠵᠦᠢᠲᠡᠢ ᠭᠡᠵᠦ ᠦᠵᠡᠵᠦ ᠪᠠᠶᠢᠭ᠎ᠠ ᠭᠡᠰᠡᠨ ᠶᠤᠮ᠃

ᠰᠡᠳᠬᠢᠭᠳᠡᠯ ᠦᠯᠡᠳᠡᠭᠡᠬᠦ