313 ᠭᠠᠬᠠᠢ᠂ 3.3 ᠲᠣᠨ ᠭᠠᠬᠠᠢ ᠶᠢᠨ ᠮᠢᠬ᠎ᠠ ᠤᠰᠠᠳᠬᠠᠵᠠᠢ | News.MN

313 ᠭᠠᠬᠠᠢ᠂ 3.3 ᠲᠣᠨ ᠭᠠᠬᠠᠢ ᠶᠢᠨ ᠮᠢᠬ᠎ᠠ ᠤᠰᠠᠳᠬᠠᠵᠠᠢ

ᠨᠡᠶᠢᠰᠯᠡᠯ ᠦᠨ ᠮᠡᠷᠭᠡᠵᠢᠯ ᠦᠨ ᠬᠢᠨᠠᠯᠲᠠ ᠶᠢᠨ ᠭᠠᠵᠠᠷ ᠰᠠᠷ᠎ᠠ ᠰᠢᠨ᠎ᠡ ᠶᠢᠨ ᠪᠠᠶᠠᠷ ᠢ ᠤᠭᠲᠤᠨ᠂ ᠶᠢᠰᠦᠨ ᠳᠡᠭᠦᠷᠭᠡ ᠳᠦ ᠦᠢᠯᠡ ᠠᠵᠢᠯᠯᠠᠭ᠎ᠠ ᠡᠷᠬᠢᠯᠡᠳᠡᠭ ᠬᠤᠳᠠᠯᠳᠤᠭ᠎ᠠ ᠦᠢᠯᠡᠴᠢᠯᠡᠭᠡᠨ ᠦ ᠭᠠᠵᠠᠷ ᠤᠳ ᠲᠤ ᠰᠢᠯᠭᠠᠯᠲᠠ ᠬᠢᠭᠰᠡᠨ᠃ ᠨᠡᠶᠢᠲᠡ 158 ᠠᠵᠤ ᠠᠬᠤᠢ ᠶᠢᠨ ᠨᠢᠭᠡᠴᠡ᠂ 950 ᠢᠷᠭᠡᠨ᠂ ᠬᠤᠳᠠᠯᠳᠤᠭᠠᠨ ᠤ ᠲᠥᠪ᠂ ᠵᠠᠬ᠎ᠠ᠂ ᠨᠡᠶᠢᠲᠡ ᠶᠢᠨ ᠬᠣᠭᠣᠯᠠᠨ ᠤ 1108 ᠭᠠᠵᠠᠷ ᠢ ᠰᠢᠯᠭᠠᠬᠤ ᠳᠤ 518 ᠵᠥᠷᠢᠴᠡᠯ ᠢᠯᠡᠷᠡᠵᠦ᠂ 69 ᠪᠠᠶᠢᠭᠤᠯᠤᠯᠭ᠎ᠠ᠂ ᠬᠤᠪᠢ ᠬᠦᠮᠦᠨ ᠳᠦ 42 ᠰᠠᠶ᠎ᠠ 800 ᠮᠢᠩᠭᠠᠨ ᠲᠥᠭᠥᠷᠢᠭ ᠦᠨ ᠲᠣᠷᠭᠠᠭᠤᠯᠢ ᠨᠣᠭᠳᠠᠭᠤᠯᠵᠠᠢ᠃ ᠲᠡᠳᠡᠭᠡᠷ ᠦᠨ ᠳᠡᠶᠢᠯᠦᠩᠬᠢ ᠨᠢ ᠬᠠᠶ᠋ᠢᠭ ᠱᠣᠰᠢᠭ᠎ᠠ ᠨᠢ ᠲᠣᠳᠣᠷᠬᠠᠢ ᠦᠭᠡᠢ᠂ ᠬᠤᠭᠤᠴᠠᠭ᠎ᠠ ᠨᠢ ᠳᠠᠭᠤᠰᠤᠭᠰᠠᠨ ᠬᠡᠪ ᠦᠨ ᠪᠣᠣᠪᠣ ᠬᠤᠳᠠᠯᠳᠤᠭᠠᠯᠠᠵᠤ ᠪᠠᠶᠢᠭᠰᠠᠨ ᠶᠤᠮ᠃ ᠮᠥᠨ ᠮᠢᠯᠵᠠᠩ ᠠᠴᠠ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠪᠠᠷ 313 ᠭᠠᠬᠠᠢ᠂ 3.3 ᠲᠣᠨ ᠲᠦᠭᠦᠬᠡᠢ ᠭᠠᠬᠠᠢ ᠶᠢᠨ ᠮᠢᠬ᠎ᠠ ᠤᠰᠠᠳᠬᠠᠵᠠᠢ᠃
ᠡᠨᠡ ᠰᠠᠷ᠎ᠠ ᠶᠢᠨ 21 ᠦ ᠪᠠᠶᠢᠳᠠᠯ ᠢᠶᠠᠷ ᠲᠥᠪ ᠠᠶᠢᠮᠠᠭ ᠤᠨ ᠰᠡᠷᠭᠦᠯᠡᠩ᠂ ᠪᠤᠯᠠᠭᠠᠨ ᠤ ᠪᠤᠯᠠᠭᠠᠨ᠂ ᠣᠷᠬᠣᠨ ᠤ ᠪᠠᠶᠠᠨ-ᠥᠨᠳᠥᠷ᠂ ᠳᠤᠮᠳᠠᠭᠣᠪᠢ ᠶᠢᠨ ᠰᠠᠶᠢᠨᠴᠠᠭᠠᠨ᠂ ᠳᠣᠷᠣᠨᠠᠲᠤ ᠶᠢᠨ ᠮᠠᠲᠠᠳ᠂ ᠳᠠᠷᠬᠠᠨ-ᠠᠭᠤᠯᠠ ᠶᠢᠨ ᠳᠠᠷᠬᠠᠨ᠂ ᠰᠡᠯᠡᠩᠭᠡ ᠶᠢᠨ ᠣᠷᠬᠣᠨ᠂ ᠮᠠᠨᠳᠤᠯ᠂ ᠬᠥᠪᠰᠥᠭᠥᠯ ᠦᠨ ᠲᠦᠨᠡᠯ᠂ ᠭᠤᠪᠢᠰᠦ᠋ᠮᠪᠤᠷ ᠠᠶᠢᠮᠠᠭ ᠤᠨ ᠰᠦᠮᠪᠦᠷ ᠰᠤᠮᠤ᠂ ᠨᠡᠶᠢᠰᠯᠡᠯ ᠦᠨ ᠪᠠᠶᠠᠩᠭᠤᠤᠯ᠂ ᠪᠠᠶᠠᠨᠵᠢᠷᠦᠬᠡ᠂ ᠰᠣᠩᠭᠢᠨ᠎ᠠ ᠬᠠᠶᠢᠷᠬᠠᠨ ᠳᠡᠭᠦᠷᠭᠡ ᠳᠦ ᠲᠤᠰ ᠲᠤᠰ ᠪᠦᠷᠢᠳᠬᠡᠭᠳᠡᠵᠡᠢ᠃

ᠰᠡᠳᠬᠢᠭᠳᠡᠯ ᠦᠯᠡᠳᠡᠭᠡᠬᠦ