ᠰᠦᠫᠸᠷ ᠠᠵᠠᠲᠠᠨ ᠬᠦᠰᠡᠯᠲᠡ ᠪᠡᠨ ᠭᠠᠷᠭᠠᠭ᠎ᠠ ᠦᠭᠡᠢ ᠪᠠᠶᠢᠨ᠎ᠠ | News.MN

ᠰᠦᠫᠸᠷ ᠠᠵᠠᠲᠠᠨ ᠬᠦᠰᠡᠯᠲᠡ ᠪᠡᠨ ᠭᠠᠷᠭᠠᠭ᠎ᠠ ᠦᠭᠡᠢ ᠪᠠᠶᠢᠨ᠎ᠠ

ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠶᠢᠨ ᠤᠷᠮᠠᠰᠢᠭᠤᠯᠤᠯ ᠤᠨ 2018 ᠣᠨ ᠤ ᠠᠷᠪᠠᠨ ᠬᠣᠶᠠᠳᠤᠭᠠᠷ ᠰᠠᠷ᠎ᠠ ᠶᠢᠨ ᠰᠤᠭᠤᠯᠤᠭᠠᠨ ᠤ ᠲᠣᠬᠢᠷᠠᠯ ᠢᠶᠠᠷ 225 ᠰᠠᠶ᠎ᠠ ᠲᠥᠭᠥᠷᠢᠭ ᠦᠨ ᠰᠦᠫᠸᠷ ᠠᠵᠠᠲᠠᠨ ᠲᠣᠳᠣᠷᠠᠭᠰᠠᠨ ᠪᠢᠯᠡ᠃  ᠬᠠᠷᠢᠨ ᠲᠤᠰ ᠠᠵᠠᠲᠠᠨ ᠰᠤᠭᠤᠯᠤᠭᠠᠨ ᠤ ᠤᠷᠮᠠᠰᠢᠭᠤᠯᠤᠯ ᠢᠶᠠᠨ ᠠᠪᠬᠤ ᠬᠦᠰᠡᠯᠲᠡ ᠪᠡᠨ ᠥᠨᠥᠳᠥᠷ ᠢ ᠬᠦᠷᠲᠡᠯ᠎ᠡ ᠭᠠᠷᠭᠠᠭ᠎ᠠ ᠦᠭᠡᠢ ᠪᠠᠶᠢᠭ᠎ᠠ ᠠᠵᠠᠢ᠃ ᠲᠤᠬᠠᠢ ᠶᠢᠨ ᠢᠷᠭᠡᠨ ᠬᠦᠰᠡᠯᠲᠡ  ᠪᠡᠨ ᠭᠠᠷᠭᠠᠭᠰᠠᠨ ᠤ ᠳᠠᠷᠠᠭ᠎ᠠ ᠣᠯᠠᠨ ᠨᠡᠶᠢᠲᠡ ᠶᠢᠨ ᠡᠮᠦᠨ᠎ᠡ ᠬᠣᠨᠵᠢᠪᠤᠷᠢ ᠪᠠᠨ ᠠᠪᠬᠤ ᠪᠣᠯᠤᠮᠵᠢ ᠲᠠᠢ ᠡᠰᠡᠬᠦ ᠶᠢ ᠥᠪᠡᠷ ᠡᠴᠡ ᠨᠢ ᠲᠣᠳᠣᠷᠠᠭᠤᠯᠤᠭᠠᠳ ᠡᠷᠭᠢᠨ ᠮᠡᠳᠡᠭᠡᠯᠡᠬᠦ ᠪᠣᠯᠤᠨ᠎ᠠ ᠭᠡᠳᠡᠭ ᠢ ᠭᠠᠶᠢᠯᠢ᠂ ᠲᠠᠲᠠᠪᠤᠷᠢ᠂ ᠰᠠᠩᠬᠦᠦ ᠶᠢᠨ ᠮᠡᠳᠡᠭᠡᠯᠡᠯ ᠦᠨ ᠲᠧᠭᠨᠣᠯᠣᠭᠢ ᠶᠢᠨ ᠲᠥᠪ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠠᠵᠢᠯᠲᠠᠨ ᠬᠡᠯᠡᠯ᠎ᠡ᠃
ᠵᠢᠷᠤᠮ ᠤᠨ ᠳᠠᠭᠠᠤ ᠰᠤᠭᠤᠯᠤᠭᠠᠨ ᠳᠤ ᠬᠣᠨᠵᠢᠪᠤᠷᠢ ᠬᠣᠵᠢᠭᠰᠠᠨ ᠢᠷᠭᠡᠨ ᠤᠷᠮᠠᠰᠢᠭᠤᠯᠤᠯ ᠠᠪᠬᠤ ᠬᠦᠰᠡᠯᠲᠡ ᠪᠡᠨ ᠭᠠᠷᠭᠠᠭ᠎ᠠ ᠦᠭᠡᠢ ᠪᠣᠯ ᠰᠤᠭᠤᠯᠤᠭ᠎ᠠ ᠵᠣᠬᠢᠶᠠᠨ ᠪᠠᠶᠢᠭᠤᠯᠤᠭᠳᠠᠭᠰᠠᠨ ᠠᠴᠠ ᠬᠣᠶᠢᠰᠢ 72 ᠴᠠᠭ ᠤᠨ ᠳᠠᠷᠠᠭ᠎ᠠ ᠭᠠᠷ ᠤᠲᠠᠰᠤᠨ ᠳᠤ ᠨᠢ ᠮᠸᠰᠰᠸᠵ ᠢᠶᠡᠷ ᠮᠡᠳᠡᠭᠳᠡᠳᠡᠭ ᠶᠤᠮ ᠪᠠᠶᠢᠨ᠎ᠠ᠃ ᠲᠡᠶᠢᠮᠦ ᠡᠴᠡ ᠥᠨᠥᠳᠥᠷ ᠮᠸᠰᠰᠸᠵ  ᠢᠶᠡᠷ  ᠮᠡᠳᠡᠭᠳᠡᠭᠰᠡᠨ ‍ᠣ ᠳᠠᠷᠠᠭ᠎ᠠ  ᠬᠦᠰᠡᠯᠲᠡ ᠪᠡᠨ ᠭᠠᠷᠭᠠᠬᠤ ᠮᠠᠭᠠᠳᠯᠠᠯ ᠲᠠᠢ ᠶᠤᠮ᠃ ᠰᠦᠫᠸᠷ ᠱᠠᠩᠨᠠᠯ ᠤᠨ ᠡᠵᠡᠨ ᠨᠢ ᠨᠡᠶᠢᠰᠯᠡᠯ ᠦᠨ ᠪᠠᠶᠠᠩᠭᠤᠤᠯ ᠳᠡᠭᠦᠷᠭᠡ ᠶᠢᠨ ᠠᠬᠠᠮᠠᠳ ᠨᠠᠰᠤᠲᠠᠨ ᠭᠡᠨ᠎ᠡ᠃

ᠰᠡᠳᠬᠢᠭᠳᠡᠯ ᠦᠯᠡᠳᠡᠭᠡᠬᠦ