ᠴᠣᠬᠣᠷ ᠢᠷᠪᠢᠰ ᠠᠩᠨᠠᠭᠰᠠᠳ ᠢ ᠰᠢᠯᠭᠠᠵᠤ ᠪᠠᠶᠢᠨ᠎ᠠ | News.MN

ᠴᠣᠬᠣᠷ ᠢᠷᠪᠢᠰ ᠠᠩᠨᠠᠭᠰᠠᠳ ᠢ ᠰᠢᠯᠭᠠᠵᠤ ᠪᠠᠶᠢᠨ᠎ᠠ

ᠰᠣᠩᠭᠢᠨ᠎ᠠ ᠬᠠᠶᠢᠷᠬᠠᠨ ᠳᠡᠭᠦᠷᠭᠡ ᠶᠢᠨ 32 ᠳ᠋ᠤᠭᠠᠷ ᠬᠣᠷᠢᠶᠠᠨ ᠤ ᠨᠤᠲᠤᠭ ᠳᠡᠪᠢᠰᠬᠡᠷ ᠲᠦ ᠪᠠᠶᠢᠷᠢᠯᠠᠬᠤ  ︽ᠡᠮᠡᠭᠡᠯᠲᠦ︾ ᠰᠢᠯᠭᠠᠨ ᠨᠡᠪᠲᠡᠷᠡᠭᠦᠯᠬᠦ ᠲᠣᠪᠴᠢᠶ᠎ᠠ ᠪᠠᠷ ᠬᠠᠤᠯᠢ ᠪᠤᠰᠤ ᠪᠠᠷ ᠴᠣᠬᠣᠷ ᠢᠷᠪᠢᠰ ᠢ ᠲᠡᠭᠡᠭᠡᠪᠦᠷᠢᠯᠡᠨ ᠭᠠᠷᠭᠠᠬᠤ ᠭᠡᠵᠦ ᠪᠠᠶᠢᠭᠰᠠᠨ ᠢ ᠮᠥᠷᠳᠡᠨ ᠪᠠᠶᠢᠴᠠᠭᠠᠬᠤ ᠠᠯᠪᠠᠨ ᠤ ᠬᠦᠷᠢᠶᠡᠯᠡᠨ ᠪᠤᠢ ᠣᠷᠴᠢᠨ ᠤ ᠭᠡᠮᠲᠦ ᠬᠡᠷᠡᠭ ᠮᠥᠷᠳᠡᠨ ᠰᠢᠯᠭᠠᠬᠤ ᠬᠡᠯᠲᠡᠰ ᠦᠨ ᠠᠯᠪᠠ ᠬᠠᠭᠠᠭᠴᠢᠳ ᠦᠢᠯᠡᠳᠦᠯ ᠳᠡᠭᠡᠷ᠎ᠡ ᠨᠢ ᠰᠠᠭᠠᠲᠠᠭᠤᠯᠵᠠᠢ᠃
ᠳᠡᠯᠡᠬᠡᠢ ᠶᠢᠨ ᠨᠡᠩ ᠬᠣᠪᠣᠷ ᠠᠮᠢᠲᠠᠨ ᠤ ᠵᠢᠭᠰᠠᠭᠠᠯᠲᠠ ᠳᠤ ᠣᠷᠣᠭᠰᠠᠨ ᠲᠤᠰ ᠴᠣᠬᠣᠷ ᠢᠷᠪᠢᠰ ᠢ Prius 30  ᠠᠦ᠋ᠲ᠋ᠤ᠋ ᠮᠠᠰᠢᠨ ᠢᠶᠠᠷ ᠲᠡᠭᠡᠭᠡᠪᠦᠷᠢᠯᠡᠵᠦ ᠶᠠᠪᠤᠭᠰᠠᠨ ᠢᠷᠭᠡᠨ I᠂ H ᠨᠠᠷ ᠢ ᠰᠣᠩᠭᠢᠨ᠎ᠠ ᠬᠠᠶᠢᠷᠬᠠᠨ ᠳᠡᠭᠦᠷᠭᠡ ᠶᠢᠨ ᠴᠠᠭᠳᠠᠭ᠎ᠠ ᠶᠢᠨ ᠨᠢᠭᠡᠳᠦᠭᠡᠷ ᠬᠡᠯᠲᠡᠰ ᠲᠦ ᠬᠡᠷᠡᠭ ᠪᠦᠷᠢᠳᠬᠡᠯ ᠨᠡᠭᠡᠭᠡᠨ᠂ ᠰᠢᠯᠭᠠᠵᠤ ᠪᠠᠶᠢᠨ᠎ᠠ᠃ ᠨᠡᠩ ᠬᠣᠪᠣᠷᠳᠠᠭᠰᠠᠨ ᠠᠩ ᠠᠮᠢᠲᠠᠨ ᠢ ᠠᠩᠨᠠᠬᠤ᠂ ᠬᠠᠤᠯᠢ ᠪᠤᠰᠤ ᠪᠠᠷ ᠲᠡᠭᠡᠭᠡᠪᠦᠷᠢᠯᠡᠬᠦ᠂ ᠬᠤᠳᠠᠯᠳᠤᠭᠠᠯᠠᠬᠤ ᠵᠡᠷᠭᠡ ᠬᠡᠷᠡᠭ ᠬᠢᠭᠰᠡᠨ ᠲᠣᠬᠢᠶᠠᠯᠳᠤᠯ ᠳᠤ ᠵᠥᠷᠢᠴᠡᠯ ᠦᠨ ᠪᠣᠯᠤᠨ ᠡᠷᠡᠭᠦᠦ ᠶᠢᠨ ᠬᠠᠤᠯᠢ ᠪᠠᠷ ᠬᠠᠷᠢᠭᠤᠴᠠᠯᠭ᠎ᠠ ᠬᠦᠯᠢᠶᠡᠯᠭᠡᠳᠡᠭ ᠶᠤᠮ᠃ ᠣᠳᠣ ᠶᠢᠨ ᠪᠠᠶᠢᠳᠠᠯ ᠢᠶᠠᠷ ᠪᠠᠶᠢᠭᠠᠯᠢ ᠣᠷᠴᠢᠨ ᠤ ᠦᠨᠡᠯᠡᠭᠡ ᠶᠢ ᠭᠠᠷᠭᠠᠵᠤ᠂ ᠬᠣᠬᠢᠷᠠᠯ ᠤᠨ ᠬᠡᠮᠵᠢᠶ᠎ᠡ ᠶᠢ ᠭᠠᠷᠭᠠᠬᠤ ᠪᠠᠷ ᠠᠯᠪᠠᠨ ᠤ ᠬᠢᠨ ᠠᠵᠢᠯᠯᠠᠵᠤ ᠪᠠᠶᠢᠭ᠎ᠠ ᠠᠵᠠᠢ ᠃

ᠰᠡᠳᠬᠢᠭᠳᠡᠯ ᠦᠯᠡᠳᠡᠭᠡᠬᠦ