ᠮᠣᠩᠭᠣᠯ ᠪᠠᠩᠬᠢᠨ ᠠᠴᠠ ᠮᠡᠳᠡᠭᠡᠯᠡᠯ ᠬᠢᠯ᠎ᠡ | News.MN

ᠮᠣᠩᠭᠣᠯ ᠪᠠᠩᠬᠢᠨ ᠠᠴᠠ ᠮᠡᠳᠡᠭᠡᠯᠡᠯ ᠬᠢᠯ᠎ᠡ

– ᠢᠮᠹᠯᠢᠶᠠᠼ 2019 ᠣᠨ ᠳᠤ ᠲᠣᠭᠲᠠᠪᠤᠷᠢᠲᠠᠢ ᠪᠠᠶᠢᠬᠤ ᠪᠣᠯᠤᠮᠵᠢ ᠶᠢ ᠬᠡᠷᠬᠢᠨ ᠲᠣᠭᠠᠴᠠᠭᠠᠯᠠᠵᠤ ᠪᠠᠶᠢᠨ᠎ᠠ ᠪᠤᠢ᠃ ᠥᠷᠭᠡᠨ ᠬᠡᠷᠡᠭᠯᠡᠭᠡᠨ ᠦ ᠪᠠᠷᠠᠭᠠᠨ ᠤ ᠦᠨ᠎ᠡ ᠨᠡᠮᠡᠭᠳᠡᠬᠦ ᠪᠡᠷ ᠢᠮᠹᠯᠢᠶᠠᠼ ᠢ ᠬᠥᠭᠡᠷᠭᠡᠳᠡᠬᠦ  ᠡᠷᠡᠰᠳᠡᠯ ᠡᠭᠦᠰᠦᠨ᠎ᠡ︖
ᠮᠣᠩᠭᠣᠯ ᠪᠠᠩᠬᠢᠨ ᠤ ᠮᠥᠩᠭᠥᠨ ᠦ ᠪᠣᠳᠣᠯᠭ᠎ᠠ ᠶᠢᠨ ᠭᠠᠵᠠᠷ ᠤᠨ ᠵᠠᠬᠢᠷᠤᠯ ᠪ∙ᠪᠠᠶᠠᠷᠳᠠᠸᠠ᠄ ᠢᠮᠹᠯᠢᠶᠠᠼ ᠤᠯᠤᠰ ᠤᠨ ᠬᠡᠮᠵᠢᠶᠡᠨ ᠳᠦ 8.1 ᠬᠤᠪᠢ ᠲᠠᠢ ᠪᠠᠶᠢᠭ᠎ᠠ᠃ ᠪᠢᠳᠡ ᠢᠮᠹᠯᠢᠶᠠᠼ  ᠤᠨ ᠭᠦᠢᠴᠡᠳᠬᠡᠯ ᠡᠴᠡ ᠭᠠᠳᠠᠨ᠎ᠠ ᠲᠥᠯᠥᠪ ᠢ ᠬᠠᠷᠠᠵᠤ᠂ ᠪᠣᠳᠣᠯᠭ᠎ᠠ ᠶᠢᠨ ᠰᠢᠢᠳᠪᠦᠷᠢ ᠪᠡᠨ ᠭᠠᠷᠭᠠᠳᠠᠭ᠃ ᠮᠥᠩᠭᠥᠨ ᠦ ᠪᠣᠳᠣᠯᠭ᠎ᠠ ᠶᠢᠨ ᠠᠯᠢᠪᠠ ᠰᠢᠢᠳᠪᠦᠷᠢ᠂ ᠠᠷᠭ᠎ᠠ ᠬᠡᠮᠵᠢᠶ᠎ᠡ ᠲᠣᠳᠣᠷᠬᠠᠢ ᠬᠤᠭᠤᠴᠠᠭᠠᠨ ᠤ ᠬᠣᠴᠣᠷᠤᠭᠳᠠᠯ ᠲᠠᠢ ᠪᠠᠷ ᠡᠳ᠋ ᠍ ᠦᠨ ᠵᠠᠰᠠᠭ ᠲᠤ ᠪᠦᠷᠢᠨ ᠭᠠᠷᠳᠠᠭ᠃ ᠲᠡᠭᠡᠬᠦ ᠪᠡᠷ ᠥᠨᠥᠳᠥᠷ ᠭᠠᠷᠭᠠᠭᠰᠠᠨ ᠰᠢᠢᠳᠪᠦᠷᠢ ᠶᠢᠨ ᠨᠥᠯᠥᠭᠡᠯᠡᠯ 4-6  ᠰᠠᠷ᠎ᠠ ᠶᠢᠨ ᠳᠠᠷᠠᠭ᠎ᠠ ᠭᠠᠷᠳᠠᠭ ᠭᠡᠳᠡᠭ᠃ ᠬᠠᠮᠤᠭ ᠤᠨ ᠰᠡᠭᠦᠯ ᠳᠦ ᠪᠣᠳᠣᠯᠭ᠎ᠠ ᠶᠢᠨ ᠬᠦᠦ ᠶᠢ ᠨᠡᠮᠡᠭᠳᠡᠭᠦᠯᠦᠭᠰᠡᠨ ᠨᠢ ᠣᠯᠠᠨ ᠬᠦᠴᠦᠨ ᠵᠦᠢᠯ ᠢ ᠬᠠᠷᠠᠭᠠᠯᠵᠠᠭᠰᠠᠨ᠃ ᠭᠠᠳᠠᠭᠠᠳᠤ ᠳᠣᠲᠣᠭᠠᠳᠤ ᠶᠢᠨ ᠡᠳ᠋ ᠦᠨ ᠵᠠᠰᠠᠭ ᠤᠨ ᠢᠳᠡᠪᠬᠢᠵᠢᠯ᠂ ᠢᠮᠹᠯᠢᠶᠠᠼ ᠵᠡᠷᠭᠡ ᠶᠢ ᠲᠣᠭᠠᠴᠠᠵᠤ ᠭᠠᠷᠭᠠᠭᠰᠠᠨ᠃ ᠢᠮᠹᠯᠢᠶᠠᠼ ᠨᠢ ᠤᠯᠠᠷᠢᠯ ᠤᠨ ᠰᠢᠨᠵᠢ᠂ ᠴᠢᠨᠠᠷᠲᠠᠢ   ᠬᠡᠯᠪᠡᠯᠵᠡᠳᠡᠭ᠃ ᠵᠢᠱᠢᠶᠡᠯᠡᠪᠡᠯ᠂ ᠮᠢᠬ᠎ᠠ ᠭᠡᠬᠦ ᠳᠦ ᠠᠷᠪᠠᠨ ᠨᠢᠭᠡᠳᠦᠭᠡᠷ ᠰᠠᠷ᠎ᠠ ᠠᠴᠠ ᠲᠠᠪᠤᠳᠤᠭᠠᠷ ᠰᠠᠷ᠎ᠠ ᠬᠦᠷᠲᠡᠯ᠎ᠡ ᠨᠡᠮᠡᠭᠳᠡᠳᠡᠭ᠃ ᠭᠡᠬᠦ ᠮᠡᠲᠦᠴᠢᠯᠠᠨ ᠤᠯᠠᠷᠢᠯ ᠤᠨ ᠴᠢᠨᠠᠷᠲᠠᠢ ᠬᠡᠯᠪᠡᠯᠵᠡᠯ ᠪᠠᠶᠢᠳᠠᠭ᠃ ᠡᠨᠡ ᠨᠢ ᠥᠩᠭᠡᠷᠡᠭᠰᠡᠨ 2018 ᠣᠨ ᠳᠤ ᠠᠵᠢᠭᠯᠠᠭᠳᠠᠭ᠎ᠠ ᠦᠭᠡᠢ ᠪᠥᠭᠡᠳ ᠠᠷᠪᠠᠨ ᠬᠣᠶᠠᠳᠤᠭᠠᠷ ᠰᠠᠷ᠎ᠠ ᠠᠴᠠ ᠨᠡᠯᠢᠶᠡᠳ ᠥᠰᠦᠯᠲᠡ ᠲᠡᠢ ᠪᠠᠶᠢᠭ᠎ᠠ᠃ ᠮᠥᠨ ᠳᠣᠲᠣᠭᠠᠳᠤ ᠶᠢᠨ ᠵᠠᠬ᠎ᠠ ᠵᠡᠭᠡᠯᠢ ᠳᠡᠭᠡᠷ᠎ᠡ ᠪᠣᠷᠣᠯᠠᠭᠤᠯᠤᠭᠳᠠᠵᠤ ᠪᠠᠶᠢᠭ᠎ᠠ ᠰᠢᠲᠠᠬᠤᠨ ᠤ ᠦᠨ᠎ᠡ ᠭᠡᠬᠦ ᠮᠡᠲᠦ ᠵᠦᠢᠯ ᠦᠳ ᠨᠥᠯᠦᠭᠡᠯᠡᠵᠦ ᠪᠠᠶᠢᠭ᠎ᠠ᠃
– ᠸᠠᠯᠢᠶᠤᠲ ᠤᠨ ᠬᠠᠩᠰᠢ ᠶᠢᠨ ᠥᠰᠦᠯᠲᠡ ᠪᠠᠭᠤᠷᠠᠬᠤ ᠦᠭᠡᠢ ᠪᠠᠶᠢᠨ᠎ᠠ᠃ ᠮᠣᠩᠭᠣᠯ ᠪᠠᠩᠬᠢ ᠶᠠᠮᠠᠷ ᠨᠢᠭᠡ ᠠᠷᠭ᠎ᠠ ᠬᠡᠮᠵᠢᠶ᠎ᠡ ᠠᠪᠴᠤ ᠴᠢᠳᠠᠬᠤ ᠦᠭᠡᠢ ᠪᠠᠶᠢᠨ᠎ᠠ ᠭᠡᠰᠡᠨ ᠰᠢᠭᠦᠮᠵᠢᠯᠡᠯ ᠳᠦ ᠶᠠᠮᠠᠷ ᠬᠠᠷᠢᠭᠤᠯᠲᠠ ᠥᠭᠬᠦ ᠪᠤᠢ ︖
– ᠸᠠᠯᠢᠶᠤᠲ ᠤᠨ ᠬᠠᠩᠰᠢ ᠶᠢᠨ ᠥᠰᠦᠯᠲᠡ ᠶᠢᠨ ᠠᠰᠠᠭᠤᠳᠠᠯ ᠢᠶᠠᠷ ᠲᠦᠪ ᠪᠠᠩᠬᠢ ᠶᠢ ᠰᠢᠭᠦᠮᠵᠢᠯᠡᠬᠦ  ᠲᠣᠬᠢᠶᠠᠯᠳᠤᠯ ᠶᠡᠬᠡ ᠪᠠᠶᠢᠳᠠᠭ᠃ ᠡᠨᠡ ᠨᠢ ︽ᠲᠦᠪ ᠪᠠᠩᠬᠢ ᠶᠢᠨ ᠲᠤᠬᠠᠢ︾ ᠬᠠᠤᠯᠢ ᠶᠢᠨ 4.1 ᠳ᠋ᠡᠬᠢ ᠵᠢᠭᠠᠯᠲᠠ ᠲᠠᠢ ᠵᠥᠷᠢᠴᠡᠯᠳᠦᠳᠡᠭ᠃ ᠥᠭᠡᠷ᠎ᠡ ᠪᠡᠷ ᠬᠡᠯᠡᠪᠡᠯ᠂ ᠲᠦᠪ ᠪᠠᠩᠬᠢ  ᠲᠥᠭᠥᠷᠢᠭ ᠦᠨ ᠲᠣᠭᠲᠠᠪᠤᠷᠢᠲᠠᠢ ᠪᠠᠶᠢᠳᠠᠯ ᠢ ᠬᠠᠩᠭᠠᠬᠤ ᠡᠭᠦᠷᠭᠡ ᠲᠡᠢ ᠭᠡᠰᠡᠨ ᠵᠢᠭᠠᠯᠲᠠ ᠶᠢ ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠳᠤ ᠪᠠᠨ ᠬᠠᠩᠰᠢ ᠶᠢᠨ ᠥᠰᠦᠯᠲᠡ ᠶᠢ ᠵᠣᠬᠢᠴᠠᠭᠤᠯᠤᠨ᠎ᠠ ᠭᠡᠵᠦ ᠲᠤᠰᠬᠠᠭᠰᠠᠨ ᠪᠣᠯᠪᠠᠴᠤ ᠬᠡᠯᠡᠯᠴᠡᠭᠦᠯᠭᠡ ᠶᠢᠨ ᠶᠠᠪᠤᠴᠠ ᠳᠤ ᠳᠡᠮᠵᠢᠭᠳᠡᠭᠡ ᠦᠭᠡᠢ᠃ ᠡᠨᠡ ᠵᠢᠭᠠᠯᠲᠠ ᠶᠢ ᠥᠭᠡᠷᠡᠴᠢᠯᠡᠭᠰᠡᠨ ᠢᠶᠡᠷ ᠲᠦᠪ ᠪᠠᠩᠬᠢ  ᠶᠢᠨ ᠬᠠᠷᠠᠭᠠᠲᠤ ᠪᠤᠰᠤ ᠪᠠᠶᠢᠳᠠᠯ ᠢ ᠪᠠᠭᠠᠰᠬᠠᠬᠤ ᠨᠢᠭᠡ ᠪᠣᠯᠤᠮᠵᠢ ᠪᠠᠶᠢᠭ᠎ᠠ ᠶᠤᠮ᠃
– ᠵᠢᠭᠡᠯᠡ ᠶᠢᠨ ᠬᠦᠦ ᠶᠢ ᠪᠠᠭᠤᠷᠠᠭᠤᠯᠬᠤ ᠴᠢᠭᠯᠡᠯ ᠢᠶᠡᠷ ᠮᠣᠩᠭᠣᠯ ᠪᠠᠩᠬᠢ ᠶᠠᠮᠠᠷ ᠨᠢᠭᠡ ᠠᠷᠭ᠎ᠠ ᠬᠡᠮᠵᠢᠶ᠎ᠡ ᠠᠪᠴᠤ ᠪᠠᠶᠢᠭ᠎ᠠ ᠤᠤ ︖
-ᠮᠣᠩᠭᠣᠯ ᠪᠠᠩᠭᠢ ᠠᠴᠠ 2018 ᠣᠨ ᠤ ᠠᠷᠪᠠᠨ ᠨᠢᠭᠡᠳᠦᠭᠡᠷ ᠰᠠᠷ᠎ᠠ ᠳᠤ ᠵᠢᠭᠡᠯᠡ ᠶᠢᠨ ᠬᠦᠦ ᠶᠢ ᠪᠠᠭᠤᠷᠠᠭᠤᠯᠬᠤ ᠴᠢᠭᠯᠡᠯ ᠢᠶᠡᠷ ᠬᠣᠯᠪᠣᠭᠳᠠᠬᠤ ᠠᠷᠭ᠎ᠠ ᠬᠡᠮᠵᠢᠶ᠎ᠡ ᠠᠪᠬᠤ᠂ ᠵᠠᠬ᠎ᠠ ᠵᠡᠭᠡᠯᠢ ᠶᠢᠨ ᠮᠠᠺᠷᠤ᠋ ᠣᠷᠴᠢᠨ ᠢ ᠪᠦᠷᠢᠳᠦᠭᠦᠯᠦᠭᠰᠡᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦ ᠳᠠᠷᠠᠭ᠎ᠠ ᠵᠢᠭᠡᠯᠡ ᠶᠢᠨ ᠬᠦᠦ ᠪᠠᠭᠤᠷᠠᠬᠤ ᠪᠣᠯᠤᠮᠵᠢ ᠲᠠᠢ ᠭᠡᠳᠡᠭ ᠪᠠᠶᠢᠷᠢ ᠰᠠᠭᠤᠷᠢ ᠢᠯᠡᠷᠬᠡᠶᠢᠯᠡᠵᠦ ᠪᠠᠶᠢᠭᠰᠠᠨ᠃ ᠣᠳᠣ ᠴᠤ ᠡᠨᠡ ᠪᠠᠶᠢᠷᠢ ᠰᠠᠭᠤᠷᠢᠨ ᠳᠡᠭᠡᠷ᠎ᠡ ᠪᠡᠨ ᠬᠡᠪ ᠢᠶᠡᠷ ᠪᠠᠶᠢᠭ᠎ᠠ᠃ ᠵᠡᠭᠡᠯᠢ ᠶᠢᠨ ᠬᠦᠦ ᠪᠣᠳᠣᠯᠭ᠎ᠠ ᠶᠢᠨ ᠬᠦᠦ ᠪᠡᠨ ᠳᠠᠭᠠᠵᠤ ᠪᠠᠭᠤᠷᠠᠳᠠᠭ᠂ ᠰᠠᠭᠤᠷᠢ ᠨᠥᠬᠥᠴᠡᠯ ᠡᠴᠡ ᠰᠢᠯᠲᠠᠭᠠᠯᠠᠳᠠᠭ᠃

ᠰᠡᠳᠬᠢᠭᠳᠡᠯ ᠦᠯᠡᠳᠡᠭᠡᠬᠦ