ᠤᠯᠤᠰ ᠤᠨ ᠶᠡᠬᠡ ᠬᠤᠷᠠᠯ ᠤᠨ ᠭᠡᠰᠢᠭᠦᠨ ᠯ∙ᠣᠶᠤᠨ-ᠡᠷᠳᠡᠨᠢ᠂ ᠲ∙ᠠᠶᠤᠤᠷᠰᠠᠶᠢᠬᠠᠨ᠂ ᠵ ∙ ᠪᠠᠲᠤᠽᠠᠨᠳᠠᠨ᠂ ᠯ∙ᠪᠣᠯᠣᠳ᠂ ᠬ∙ᠨᠢᠮᠪᠠᠭᠠᠲᠤᠷ ᠨᠠᠷ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠠᠯᠪᠠᠨ ᠲᠤᠰᠢᠶᠠᠯ ᠠᠴᠠ ᠨᠢ ᠴᠢᠯᠦᠭᠡᠯᠡᠬᠦ ᠲᠣᠭᠲᠠᠭᠠᠯ ᠤᠨ ᠲᠥᠰᠥᠯ ᠢ ᠥᠨᠥ ᠥᠷᠯᠥᠭᠡ ︵2019.01.25︶ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠲᠤ ᠡᠷᠭᠦᠨ ᠪᠠᠷᠢᠭᠰᠠᠨ᠃ ᠡᠭᠦᠨ ᠦ ᠳᠠᠭᠠᠤ ᠳᠥᠩᠭᠡᠵᠢ ᠰᠠᠶ᠋ᠢ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠡᠷᠭᠡᠳᠡᠬᠢ ᠵᠥᠪᠯᠡᠯ ᠬᠤᠷᠠᠯᠳᠤᠵᠤ᠂ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠢ ᠠᠯᠪᠠᠨ ᠲᠤᠰᠢᠶᠠᠯ ᠠᠴᠠ ᠨᠢ ᠴᠢᠯᠦᠭᠡᠯᠡᠬᠦ ᠲᠤᠬᠠᠢ ᠠᠰᠠᠭᠤᠳᠠᠯ ᠢ ᠬᠡᠷᠬᠢᠨ ᠬᠡᠯᠡᠯᠴᠡᠬᠦ ᠪᠡᠷ ᠰᠢᠢᠳᠪᠦᠷᠢᠯᠡᠭᠰᠡᠨ ᠲᠠᠯ᠎ᠠ ᠪᠠᠷ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠼ∙ᠴᠣᠯᠮᠣᠨ ᠰᠡᠳᠬᠦᠯᠴᠢᠳ ᠲᠦ ᠮᠡᠳᠡᠭᠡᠯᠡᠯ ᠬᠢᠯ᠎ᠡ᠃ ᠲᠡᠷᠡᠪᠡᠷ᠄ ︽ᠮᠣᠩᠭᠣᠯ ᠤᠯᠤᠰ ᠤᠨ ᠶᠡᠬᠡ ᠬᠤᠷᠠᠯ ᠤᠨ ᠲᠤᠬᠠᠢ︾ ᠪᠣᠯᠤᠨ ︽ᠮᠣᠩᠭᠣᠯ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠤ ᠳᠢᠭ ᠦᠨ ᠲᠤᠬᠠᠢ︾ ᠬᠠᠤᠯᠢ ᠳᠤ ᠵᠢᠭᠠᠭᠰᠠᠨ ᠢᠶᠠᠷ ᠨᠠᠮ ᠡᠪᠰᠡᠯ ᠦᠨ ᠪᠦᠯᠦᠭ ᠦᠨ ᠬᠤᠷᠠᠯᠳᠤᠭᠠᠨ ᠢ ᠳᠣᠯᠣᠭ᠎ᠠ ᠬᠣᠨᠣᠭ ᠤᠨ ᠳᠠᠸᠠ ᠭᠠᠷᠠᠭ ᠲᠤ᠂ ᠪᠠᠶᠢᠩᠭᠤ ᠶᠢᠨ᠂ ᠳᠡᠳ᠋᠂ ᠲᠦᠷ ᠬᠣᠷᠢᠶᠠᠳ ᠤᠨ ᠬᠤᠷᠠᠯᠳᠤᠭᠠᠨ ᠢ ᠮᠢᠭᠮᠠᠷ᠂ ᡀᠠᠭᠪᠠ ᠭᠠᠷᠠᠭ ᠲᠤ᠂ ᠬᠠᠷᠢᠨ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢ ᠳᠣᠯᠣᠭ᠎ᠠ ᠬᠣᠨᠣᠭ ᠤᠨ ᠫᠦᠷᠪᠦ᠂ ᠪᠠᠰᠠᠩ ᠭᠠᠷᠠᠭ ᠲᠤ ᠲᠤᠰ ᠲᠤᠰ ᠬᠤᠷᠠᠯᠳᠤᠭᠤᠯᠬᠤ ᠪᠠᠷ ᠬᠠᠤᠯᠢᠴᠢᠯᠠᠭᠰᠠᠨ ᠪᠠᠶᠢᠳᠠᠭ᠃
ᠳᠠᠸᠠ ᠭᠠᠷᠠᠭ ᠲᠤ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢ ᠬᠤᠷᠠᠯᠳᠤᠭᠤᠯᠬᠤ ᠪᠣᠯᠤᠮᠵᠢ ᠦᠭᠡᠢ ᠤᠴᠢᠷ ᠠᠴᠠ ᠢᠷᠡᠬᠦ ᠳᠣᠯᠣᠭ᠎ᠠ ᠬᠣᠨᠣᠭ ᠤᠨ ᠮᠢᠭᠮᠠᠷ ᠭᠠᠷᠠᠭ ᠪᠤᠶᠤ 2019 ᠣᠨ ᠤ ᠨᠢᠭᠡᠳᠦᠭᠡᠷ ᠰᠠᠷ᠎ᠠ ᠶᠢᠨ 29 ᠍ ᠦ ᠡᠳᠦᠷ ᠦᠨ 10.00 ᠴᠠᠭ ᠲᠤ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ ᠶᠢ ᠬᠤᠷᠠᠯᠳᠤᠭᠤᠯᠤᠭᠰᠠᠨ ᠤ ᠳᠠᠷᠠᠭ᠎ᠠ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢ ᠬᠢᠬᠦ ᠪᠡᠷ ᠲᠣᠭᠲᠠᠯ᠎ᠠ᠃ ᠤᠭ ᠲᠣᠭᠲᠠᠭᠠᠯ ᠤᠨ ᠲᠥᠰᠥᠯ ᠢ ᠨᠡᠩ ᠶᠠᠭᠠᠷᠠᠯᠲᠠᠢ ᠭᠣᠷᠢᠮ ᠢᠶᠠᠷ ᠬᠡᠯᠡᠯᠴᠡᠨ ᠰᠢᠢᠳᠪᠦᠷᠢᠯᠡᠬᠦ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠵᠠᠬᠢᠷᠤᠮᠵᠢ ᠭᠠᠷᠤᠯ᠎ᠠ ᠭᠡᠪᠡ᠃