ᠨᠠᠮ ᠤᠨ ᠪᠦᠯᠦᠭ  ᠦᠳ ᠬᠤᠷᠠᠯᠳᠤᠨ᠎ᠠ | News.MN

ᠨᠠᠮ ᠤᠨ ᠪᠦᠯᠦᠭ  ᠦᠳ ᠬᠤᠷᠠᠯᠳᠤᠨ᠎ᠠ

ᠤᠯᠤᠰ ᠤᠨ ᠶᠡᠬᠡ ᠬᠤᠷᠠᠯ ᠳ᠋ᠡᠬᠢ ᠨᠠᠮ ᠤᠨ ᠪᠦᠯᠦᠭ ᠦᠳ ᠥᠨᠥᠳᠥᠷ ᠬᠤᠷᠠᠯᠳᠤᠵᠤ᠂ ᠡᠨᠡ ᠳᠣᠯᠣᠭ᠎ᠠ ᠬᠣᠨᠣᠭ ᠲᠤ ᠪᠠᠶᠢᠩᠭᠤ ᠶᠢᠨ ᠬᠣᠷᠢᠶ᠎ᠠ  ᠪᠣᠯᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠬᠡᠯᠡᠯᠴᠡᠬᠦ ᠬᠠᠤᠯᠢ᠂ ᠲᠣᠭᠲᠠᠭᠠᠯ ᠤᠨ ᠲᠥᠰᠥᠯ ᠦᠳ ᠦᠨ ᠲᠠᠯ᠎ᠠ ᠪᠠᠷ ᠪᠠᠷᠢᠮᠲᠠᠯᠠᠬᠤ ᠪᠠᠶᠢᠷᠢ ᠰᠠᠭᠤᠷᠢ ᠪᠠᠨ ᠨᠢᠭᠡᠳᠬᠡᠨ᠎ᠡ᠃ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠡᠷᠭᠡᠳᠡᠬᠢ ᠵᠥᠪᠯᠡᠯ ᠦᠨ ᠬᠤᠷᠠᠯᠳᠤᠭᠠᠨ ᠢᠶᠠᠷ ᠡᠨᠡ ᠳᠣᠯᠣᠭ᠎ᠠ ᠬᠣᠨᠣᠭ ᠲᠤ ᠪᠠᠶᠢᠩᠭᠤ ᠶᠢᠨ ᠬᠣᠷᠢᠶ᠎ᠠ ᠪᠣᠯᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ 30 ᠬᠠᠤᠯᠢ᠂ ᠲᠣᠭᠲᠠᠭᠠᠯ ᠤᠨ ᠲᠥᠰᠥᠯ ᠬᠡᠯᠡᠯᠴᠡᠬᠦ ᠪᠡᠷ ᠲᠣᠪᠯᠠᠭᠰᠠᠨ ᠪᠠᠶᠢᠨ᠎ᠠ᠃ ᠲᠤᠬᠠᠶᠢᠯᠠᠪᠠᠯ᠂ ︽ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠡᠭᠦᠷᠭᠡᠲᠦ ᠠᠵᠢᠯ ᠠᠴᠠ ᠨᠢ ᠴᠢᠯᠦᠭᠡᠯᠡᠬᠦ ᠲᠤᠬᠠᠢ︾ ᠪᠣᠯᠤᠨ ︽ᠲᠥᠷᠥ ᠶᠢᠨ ᠠᠯᠪᠠᠨ ᠤ ᠲᠤᠬᠠᠢ︾ ᠬᠠᠤᠯᠢ ᠶᠢ ᠬᠡᠷᠡᠭᠵᠢᠭᠦᠯᠬᠦ ᠲᠡᠢ ᠬᠣᠯᠪᠣᠭ᠎ᠠ ᠲᠠᠢ ᠵᠢᠷᠭᠤᠭᠠᠨ ᠲᠣᠭᠲᠠᠭᠠᠯ ᠤᠨ ᠲᠥᠰᠥᠯ᠂ ᠠᠰᠢᠭᠲᠤ ᠮᠠᠯᠲᠠᠮᠠᠯ ᠤᠨ ᠲᠤᠬᠠᠢ ᠬᠠᠤᠯᠢ ᠶᠢᠨ ᠲᠥᠰᠥᠯ ᠪᠠᠭᠲᠠᠵᠠᠢ᠃ ᠮᠥᠨ  ᠵᠠᠮ ᠲᠡᠭᠡᠭᠡᠪᠤᠷᠢ ᠶᠢᠨ ᠬᠦᠭᠵᠢᠯ ᠦᠨ ᠰᠠᠶᠢᠳ᠂  ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠤᠷᠲ ᠤᠨ ᠰᠠᠶᠢᠳ ᠢ ᠤᠭᠴᠠᠷᠠᠭᠤᠯᠬᠤ᠂ ᠴᠢᠯᠦᠭᠡᠯᠡᠬᠦ ᠲᠤᠬᠠᠢ᠂ ᠵᠠᠬᠢᠷᠭᠠᠨ ᠤ ᠶᠡᠷᠦᠩᠬᠡᠢ ᠬᠠᠤᠯᠢ ᠳᠤ ᠥᠭᠡᠷᠡᠴᠢᠯᠡᠯᠲᠡ ᠤᠷᠤᠭᠤᠯᠬᠤ ᠬᠠᠤᠯᠢ ᠶᠢᠨ ᠲᠥᠰᠥᠯ ᠡᠴᠡ ᠭᠠᠳᠠᠨ᠎ᠠ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠦᠢᠯᠡ ᠠᠵᠢᠯᠯᠠᠭᠠᠨ ᠤ ᠲᠠᠨᠢᠯᠴᠠᠭᠤᠯᠭ᠎ᠠ ᠶᠢ ᠰᠣᠨᠣᠰᠤᠨ᠎ᠠ᠃ ᠮᠥᠨ ᠶᠡᠷᠦᠩᠬᠡᠢ ᠰᠠᠶᠢᠳ ᠤ᠊∙ ᠬᠦᠷᠡᠯᠰᠦ᠋ᠬᠡ ︽ᠡᠳ᠋ ᠦᠨ ᠵᠠᠰᠠᠭ ᠤᠨ ᠺᠣᠷᠢᠳᠣᠷ ᠪᠠᠶᠢᠭᠤᠯᠬᠤ᠂ ᠳᠠᠮᠵᠢᠨ ᠥᠩᠭᠡᠷᠡᠬᠦ ᠲᠡᠭᠡᠭᠡᠪᠦᠷᠢ ᠶᠢ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ᠂ ᠠᠴᠢ ᠬᠣᠯᠪᠣᠭᠳᠠᠯ᠂ ᠪᠡᠯᠡᠳᠬᠡᠯ ᠠᠵᠢᠯ ᠤᠨ ᠶᠠᠪᠤᠴᠠ︾ ᠰᠡᠳᠦᠪ ᠢᠶᠡᠷ ᠴᠢᠭᠤᠯᠭᠠᠨ ᠤ ᠬᠤᠷᠠᠯᠳᠤᠭᠠᠨ ᠳᠤ ᠮᠡᠳᠡᠭᠡᠯᠡᠯ ᠬᠢᠬᠦ ᠶᠤᠮ᠃

ᠰᠡᠳᠬᠢᠭᠳᠡᠯ ᠦᠯᠡᠳᠡᠭᠡᠬᠦ