ᠪ∙ᠬᠠᠯᠢᠭᠤᠨ ᠪᠣᠺᠰ ᠤᠨ ᠠᠽᠢᠶ᠎ᠠ ᠶᠢᠨ ᠠᠪᠤᠷᠭᠤ ᠪᠣᠯᠤᠯ᠎ᠠ | News.MN

ᠪ∙ᠬᠠᠯᠢᠭᠤᠨ ᠪᠣᠺᠰ ᠤᠨ ᠠᠽᠢᠶ᠎ᠠ ᠶᠢᠨ ᠠᠪᠤᠷᠭᠤ ᠪᠣᠯᠤᠯ᠎ᠠ

ᠲᠠᠶᠢᠯᠠᠨᠳ᠋ ᠤᠯᠤᠰ ᠲᠤ ᠡᠨᠡ ᠰᠠᠷ᠎ᠠ ᠶᠢᠨ 26  ᠳᠦ ᠪᠣᠯᠤᠭᠰᠠᠨ ᠠᠽᠢᠶ᠎ᠠ ᠶᠢᠨ ᠮᠠᠤᠲ᠋ᠠᠢ ᠶᠢᠨ ᠬᠣᠯᠪᠣᠭᠠᠨ ᠤ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠠᠽᠢᠶ᠎ᠠ ᠶᠢᠨ ᠮᠡᠷᠭᠡᠵᠢᠯ ᠦᠨ ᠮᠠᠤᠲ᠋ᠠᠢ  ᠶᠢᠨ ᠠᠪᠤᠷᠭᠤ ᠶᠢᠨ ᠲᠥᠯᠦᠭᠡᠬᠢ ᠲᠤᠯᠤᠭᠠᠨ ᠪᠣᠯᠵᠤ ᠥᠩᠭᠡᠷᠡᠯ᠎ᠡ᠃ ᠲᠤᠰ ᠲᠡᠮᠡᠴᠡᠭᠡᠨ ᠦ ᠡᠮᠡᠭᠲᠡᠶᠢᠴᠦᠳ ᠦᠨ 48 ᠺᠢᠯᠦᠭᠷᠡᠮ ᠤᠨ ᠵᠢᠩ ᠳᠦ ᠪ∙ᠬᠠᠯᠢᠭᠤᠨ ᠲᠠᠶᠢᠯᠠᠨᠳ᠋ ᠤᠨ ᠲᠠᠮᠢᠷᠴᠢᠨ ᠢ ᠬᠣᠵᠢᠵᠤ᠂ ᠮᠡᠷᠭᠡᠵᠢᠯ ᠦᠨ ᠮᠠᠤᠲ᠋ᠠᠢ ᠶᠢᠨ ᠪᠣᠺᠰ ᠤᠨ ᠠᠽᠢᠶ᠎ᠠ ᠶᠢᠨ ᠠᠪᠤᠷᠭᠤ ᠶᠢᠨ ᠪᠥᠰᠡ ᠶᠢᠨ ᠡᠵᠡᠨ ᠪᠣᠯᠪᠠ᠃
ᠲᠡᠷᠡᠪᠡᠷ ᠥᠪᠡᠷ ᠦᠨ ᠳᠠᠰᠬᠠᠯᠵᠢᠭᠤᠯᠤᠭᠴᠢ ᠣ᠊∙ᠠᠯᠲᠠᠨᠫᠦ᠋ᠷᠪᠦ ᠶᠢᠨ ᠬᠠᠮᠲᠤ ᠠᠷᠪᠠ ᠭᠠᠷᠤᠢ ᠵᠢᠯ ᠦᠨ ᠲᠤᠷᠰᠢ ᠪᠡᠯᠡᠳᠬᠡᠯ ᠢᠶᠡᠨ ᠲᠠᠰᠤᠷᠠᠯᠲᠠ ᠦᠭᠡᠢ ᠬᠢᠵᠦ ᠡᠮᠦᠨ᠎ᠡ ᠨᠢ ᠮᠠᠤᠲ᠋ᠠᠢ ᠶᠢᠨ ᠪᠣᠺᠰ ᠤᠨ ᠨᠠᠰᠤᠨ ᠳᠤ ᠬᠦᠷᠦᠭᠰᠡᠳ ᠦᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠮᠥᠩᠭᠥᠨ ᠮᠧᠳᠠᠯ ᠬᠦᠷᠲᠡᠵᠦ ᠪᠠᠶᠢᠭᠰᠠᠨ ᠲᠡᠳᠦᠢ ᠦᠭᠡᠢ ᠪᠦᠬᠦ ᠠᠷᠠᠳ ᠲᠦᠮᠡᠨ ᠦ ᠰᠫᠣᠷᠲ ᠤᠨ ᠨᠠᠭᠠᠳᠤᠮ ᠳᠤ ᠠᠪᠤᠷᠭᠤᠯᠠᠵᠤ ᠪᠠᠶᠢᠭᠰᠠᠨ ᠠᠮᠵᠢᠯᠲᠠ ᠲᠠᠢ ᠪᠢᠯᠡ᠃

ᠰᠡᠳᠬᠢᠭᠳᠡᠯ ᠦᠯᠡᠳᠡᠭᠡᠬᠦ