ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠢ ᠡᠭᠦᠷᠭᠡᠲᠦ ᠠᠵᠢᠯ ᠠᠴᠠ ᠨᠢ ᠴᠢᠯᠦᠭᠡᠯᠡᠬᠦ ᠲᠣᠭᠲᠠᠭᠠᠯ ᠤᠨ ᠲᠥᠰᠥᠯ ᠢ ᠮᠠᠷᠭᠠᠰᠢ ︵1.29︶ ᠪᠠᠶᠢᠩᠭᠤ ᠶᠢᠨ ᠬᠣᠷᠢᠶ᠎ᠠ᠂ ᠴᠢᠭᠤᠯᠭᠠᠨ ᠤ ᠬᠤᠷᠠᠯᠳᠤᠭᠠᠨ ᠢᠶᠠᠷ ᠬᠡᠯᠡᠯᠴᠡᠨ᠎ᠡ᠃ ᠡᠭᠦᠨ ᠲᠡᠢ ᠬᠣᠯᠪᠣᠭᠠᠲᠠᠢ ᠪᠠᠷ ᠤᠯᠤᠰ ᠤᠨ ᠶᠡᠬᠡ ᠬᠤᠷᠠᠯ ᠳ᠋ᠡᠬᠢ ᠮᠤᠩᠭᠤᠯ ᠠᠷᠠᠳ ᠤᠨ ᠨᠠᠮ ᠍ ᠤᠨ ᠪᠦᠯᠦᠭ ᠦᠨ ᠳᠠᠷᠤᠭ᠎ᠠ ᠳ∙ᠲᠣᠭᠲᠠᠬᠤᠰᠦ᠋ᠷᠦᠩ ᠡᠴᠡ ᠵᠠᠷᠢᠮ ᠠᠰᠠᠭᠤᠯᠲᠠ ᠳᠤ ᠬᠠᠷᠢᠭᠤᠯᠲᠠ ᠠᠪᠤᠯ᠎ᠠ᠃
-ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠡᠭᠦᠷᠭᠡᠲᠦ ᠠᠵᠢᠯ ᠠᠴᠠ ᠨᠢ ᠴᠢᠯᠦᠭᠡᠯᠡᠬᠦ ᠲᠣᠭᠲᠠᠭᠠᠯ ᠤᠨ ᠲᠥᠰᠥᠯ ᠢ ᠮᠠᠷᠭᠠᠰᠢ ᠬᠡᠯᠡᠯᠴᠡᠨ᠎ᠡ᠃ ᠭᠡᠲᠡᠯ᠎ᠡ ᠮᠤᠩᠭᠤᠯ ᠠᠷᠠᠳ ᠤᠨ ᠨᠠᠮ ᠤᠨ ᠪᠦᠯᠦᠭ ᠦᠨ 20 ᠭᠠᠷᠤᠢ ᠭᠡᠰᠢᠭᠦᠨ ᠬᠥᠳᠡᠭᠡ ᠣᠷᠣᠨ ᠨᠤᠲᠤᠭ ᠲᠤ ᠲᠣᠮᠢᠯᠠᠯᠲᠠ ᠲᠠᠢ ᠶᠠᠪᠤᠭ᠎ᠠ ᠶᠤᠮ ᠪᠠᠶᠢᠨ᠎ᠠ᠃ ᠮᠠᠷᠭᠠᠰᠢ ᠶᠢᠨ ᠬᠤᠷᠠᠯᠳᠤᠭᠠᠨ ᠤ ᠢᠷᠡᠴᠡ ᠪᠥᠷᠢᠳᠬᠦ ᠦᠦ ︖
– ᠢᠷᠡᠴᠡ ᠪᠥᠷᠢᠳᠦᠨ᠎ᠡ ᠭᠡᠵᠦ ᠪᠣᠳᠣᠵᠤ ᠪᠠᠶᠢᠨ᠎ᠠ᠃
– ᠬᠥᠳᠡᠭᠡ ᠣᠷᠣᠨ ᠨᠤᠲᠤᠭ ᠲᠤ ᠶᠠᠪᠤᠭ᠎ᠠ ᠭᠡᠰᠢᠭᠦᠳ ᠢ ᠳᠠᠭᠤᠳᠠᠭᠰᠠᠨ ᠤᠤ︖
– ᠪᠦᠯᠦᠭ ᠦᠨ 25 ᠭᠡᠰᠢᠭᠦᠨ ᠣᠷᠣᠨ ᠨᠤᠲᠤᠭ ᠲᠤ ᠲᠣᠮᠢᠯᠠᠯᠲᠠ ᠪᠠᠷ ᠠᠵᠢᠯᠯᠠᠵᠤ ᠪᠠᠶᠢᠨ᠎ᠠ᠃ ᠪᠠᠷᠠᠭᠤᠨ ᠠᠶᠢᠮᠠᠭ ᠤᠳ ᠲᠤ ᠴᠠᠰᠤᠨ ᠰᠢᠭᠤᠷᠭ᠎ᠠ ᠲᠠᠢ ᠪᠠᠶᠢᠨ᠎ᠠ᠃ ᠭᠡᠬᠦ ᠳᠦ ᠪᠡᠨ ᠭᠡᠰᠢᠭᠦᠳ ᠠᠮᠵᠢᠭᠠᠳ ᠢᠷᠡᠬᠦ ᠪᠠᠶᠢᠬᠤ ᠡ᠃ ᠲᠣᠭᠲᠠᠭᠠᠯ ᠤᠨ ᠲᠥᠰᠥᠯ ᠢ ᠪᠠᠰᠠᠩ ᠭᠠᠷᠠᠭ ᠲᠤ ᠡᠷᠭᠦᠨ ᠪᠠᠷᠢᠭᠰᠠᠨ᠃ ᠮᠠᠷᠭᠠᠰᠢ ᠥᠷᠯᠥᠭᠡ 09.00 ᠴᠠᠭ ᠲᠤ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ ᠪᠠᠷ ᠬᠡᠯᠡᠯᠴᠡᠨ᠎ᠡ᠃ ᠦᠷᠭᠦᠯᠵᠢᠯᠡᠭᠦᠯᠦᠨ 10.00 ᠴᠠᠭ ᠠᠴᠠ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠢᠶᠠᠷ ᠬᠡᠯᠡᠯᠴᠡᠬᠦ ᠪᠡᠷ ᠲᠣᠪᠯᠠᠭᠠᠳ ᠪᠠᠶᠢᠨ᠎ᠠ᠃ ᠲᠡᠶᠢᠮᠦ ᠡᠴᠡ ᠭᠡᠰᠢᠭᠦᠳ ᠢ ᠬᠥᠳᠡᠭᠡ ᠣᠷᠣᠨ ᠨᠤᠲᠤᠭ ᠠᠴᠠ ᠢᠷᠡᠭᠦᠯᠬᠦ ᠴᠢᠭᠯᠡᠯ ᠢ ᠥᠭᠭᠦᠭᠡᠳ ᠪᠠᠶᠢᠨ᠎ᠠ᠃
– ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠴᠢᠯᠦᠭᠡᠯᠡᠬᠦ ᠠᠰᠠᠭᠤᠳᠠᠯ ᠢᠶᠠᠷ ᠲᠠᠨ ᠤ ᠨᠠᠮ ᠤᠨ ᠪᠦᠯᠦᠭ ᠵᠠᠪᠰᠠᠷᠯᠠᠭ᠎ᠠ ᠠᠪᠬᠤ ᠤᠤ᠃ ᠤᠭ ᠠᠰᠠᠭᠤᠳᠠᠯ ᠢᠶᠠᠷ ᠤᠷᠢᠳᠴᠢᠯᠠᠨ ᠮᠡᠳᠡᠭᠳᠡᠭᠰᠡᠨ ᠵᠦᠢᠯ ᠪᠠᠶᠢᠨ᠎ᠠ ᠤᠤ︖
– ᠵᠠᠪᠰᠠᠷᠯᠠᠭ᠎ᠠ ᠠᠪᠬᠤ ᠦᠭᠡᠢ᠃ ᠮᠠᠨ ᠤ ᠨᠠᠮ ᠤᠨ ᠪᠦᠯᠦᠭ ᠦᠨ 34 ᠭᠡᠰᠢᠭᠦᠨ ᠪᠤᠶᠤ ᠣᠯᠠᠩᠬᠢ ᠨᠢ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠡᠭᠦᠷᠭᠡᠲᠦ ᠠᠵᠢᠯ ᠠᠴᠠ ᠨᠢ ᠴᠢᠯᠦᠭᠡᠯᠡᠬᠦ ᠶᠢ ᠳᠡᠮᠵᠢᠵᠦ ᠲᠣᠭᠲᠠᠭᠠᠯ ᠤᠨ ᠲᠥᠰᠥᠯ ᠳᠦ ᠭᠠᠷ ᠤᠨ ᠦᠰᠦᠭ ᠵᠢᠷᠤᠭᠰᠠᠨ᠃
– ᠪᠦᠯᠦᠭ ᠦᠨ ᠬᠤᠷᠠᠯᠳᠤᠭᠠᠨ ᠢᠶᠠᠷ ᠤᠯᠤᠰ ᠤᠨ ᠶᠡᠬᠡ ᠬᠤᠷᠠᠯ ᠤᠨ ᠰᠢᠨ᠎ᠡ ᠳᠠᠷᠤᠭ᠎ᠠ ᠶᠢᠨ ᠲᠠᠯ᠎ᠠ ᠪᠠᠷ ᠶᠠᠷᠢᠯᠴᠠᠬᠤ ᠤᠤ︖ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠬᠡᠨ ᠦ ᠨᠡᠷ᠎ᠡ ᠶᠠᠷᠢᠭᠳᠠᠵᠤ ᠪᠠᠶᠢᠭ᠎ᠠ ᠪᠤᠢ︖
– ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠠᠰᠠᠭᠤᠳᠠᠯ ᠪᠦᠯᠦᠭ ᠦᠨ ᠬᠤᠷᠠᠯᠳᠤᠭᠠᠨ ᠢᠶᠠᠷ ᠶᠠᠷᠢᠭᠳᠠᠨ᠎ᠠ᠃ ᠤᠯᠤᠰ ᠲᠥᠷᠥ ᠶᠢᠨ ᠠᠯᠪᠠᠨ ᠲᠤᠰᠢᠶᠠᠯᠲᠠᠨ ᠤᠴᠢᠷ ᠠᠴᠠ ᠡᠬᠢᠯᠡᠭᠡᠳ ᠨᠠᠮ ᠤᠨ ᠤᠳᠤᠷᠢᠳᠬᠤ ᠵᠥᠪᠯᠡᠯ ᠢᠶᠡᠷ ᠬᠡᠯᠡᠯᠴᠡᠭᠳᠡᠵᠦ ᠰᠢᠢᠳᠪᠦᠷᠢᠯᠡᠭᠳᠡᠨ᠎ᠡ᠃ ᠲᠡᠭᠦᠨ ᠦ ᠳᠠᠷᠠᠭ᠎ᠠ ᠨᠠᠮ ᠤᠨ ᠪᠦᠯᠦᠭ᠂ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ᠂ ᠴᠢᠭᠤᠯᠭᠠᠨ ᠤ ᠬᠤᠷᠠᠯᠳᠤᠭᠠᠨ ᠢᠶᠠᠷ ᠬᠡᠯᠡᠯᠴᠡᠨ᠎ᠡ᠃ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠠᠷᠤᠭ᠎ᠠ ᠳᠤ ᠬᠡᠨ ᠦ ᠴᠤ ᠨᠡᠷ᠎ᠡ ᠶᠢ ᠶᠠᠷᠢᠭᠠᠳᠤᠢ ᠪᠠᠶᠢᠭ᠎ᠠ᠃