ᠭᠡᠰᠢᠭᠦᠨ ᠢ ᠡᠭᠡᠭᠦᠯᠦᠨ ᠲᠠᠲᠠᠬᠤ ᠬᠠᠤᠯᠢ ᠪᠣᠯᠪᠠᠰᠤᠷᠠᠭᠤᠯᠵᠠᠢ | News.MN

ᠭᠡᠰᠢᠭᠦᠨ ᠢ ᠡᠭᠡᠭᠦᠯᠦᠨ ᠲᠠᠲᠠᠬᠤ ᠬᠠᠤᠯᠢ ᠪᠣᠯᠪᠠᠰᠤᠷᠠᠭᠤᠯᠵᠠᠢ

ᠤᠯᠤᠰ ᠤᠨ ᠶᠡᠬᠡ ᠬᠤᠷᠠᠯ ᠶᠢᠨ ᠭᠡᠰᠢᠭᠦᠨ ᠰ∙ᠡᠷᠳᠡᠨᠢ ︽ᠤᠯᠤᠰ ᠤᠨ ᠶᠡᠬᠡ ᠬᠤᠷᠠᠯ ᠤᠨ ᠴᠢᠭᠤᠯᠭᠠᠨ ᠤ ᠳᠢᠭ ᠦᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠬᠠᠤᠯᠢ ᠶᠢᠨ ᠲᠥᠰᠥᠯ ᠪᠣᠯᠪᠠᠰᠤᠷᠠᠭᠤᠯᠵᠠᠢ᠃ ᠤᠭ ᠬᠠᠤᠯᠢ ᠶᠢᠨ 45 ᠳ᠋ᠤᠭᠠᠷ ᠵᠦᠢᠯ ᠳᠦ᠄ᠨᠠᠰᠤ ᠪᠠᠷᠠᠭᠰᠠᠨ᠂ ᠥᠭᠡᠷ᠎ᠡ ᠠᠵᠢᠯ ᠳᠤ ᠰᠢᠯᠵᠢᠭᠰᠡᠨ᠂ ᠥᠪᠡᠷ ᠢᠶᠡᠨ ᠬᠦᠰᠡᠯᠲᠡ ᠭᠠᠷᠭᠠᠭᠰᠠᠨ᠂ ᠬᠦᠨᠳᠦ ᠪᠡᠷ ᠡᠪᠡᠳᠦᠭᠰᠡᠨ ᠡᠰᠡᠬᠦᠯ᠎ᠡ ᠦᠨᠳᠦᠰᠦᠨ ᠬᠠᠤᠯᠢ ᠶᠢᠨ ᠰᠡᠴᠡ ᠡᠭᠡᠭᠦᠯᠦᠨ ᠲᠠᠲᠠᠬᠤ ᠳ᠋ᠦᠩᠨᠡᠯᠲᠡ ᠭᠠᠷᠭᠠᠭᠰᠠᠨ ᠢ ᠤᠯᠤᠰ ᠤᠨ ᠶᠡᠬᠡ ᠬᠤᠷᠠᠯ ᠬᠦᠯᠢᠶᠡᠵᠦ ᠠᠪᠤᠭᠰᠠᠨ᠂ ᠭᠡᠮᠲᠦ ᠬᠡᠷᠡᠭ ᠬᠢᠭᠰᠡᠨ ᠨᠢ ᠡᠴᠦᠰᠯᠡᠨ ᠲᠣᠭᠲᠠᠭᠠᠭᠳᠠᠭᠰᠠᠨ ᠲᠣᠬᠢᠶᠠᠯᠳᠤᠯ ᠳᠤ ᠭᠡᠰᠢᠭᠦᠨ ᠢ ᠡᠭᠡᠭᠦᠯᠦᠨ ᠲᠠᠲᠠᠨ᠎ᠠ ᠬᠡᠮᠡᠨ ᠵᠢᠭᠠᠭᠰᠠᠨ᠃ ᠬᠠᠷᠢᠨ ᠰ∙ᠡᠷᠳᠡᠨᠢ ᠭᠡᠰᠢᠭᠦᠨ ᠡᠭᠦᠨ ᠳᠦ ᠲᠤᠬᠠᠢ ᠶᠢᠨ ᠲᠣᠭᠣᠷᠢᠭ ᠠᠴᠠ ᠬᠠᠮᠤᠭ ᠤᠨ ᠰᠡᠭᠦᠯ ᠦᠨ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠣᠷᠣᠯᠴᠠᠵᠤ᠂ ᠰᠠᠨᠠᠯ ᠢᠶᠠᠨ ᠥᠭᠭᠦᠭᠰᠡᠨ ᠢᠷᠭᠡᠳ ᠦᠨ ᠭᠤᠷᠪᠠᠨ ᠤ ᠨᠢᠭᠡ ᠶᠢᠨ ᠭᠠᠷ ᠤᠨ ᠦᠰᠦᠭ ᠢᠶᠡᠷ ᠭᠡᠰᠢᠭᠦᠨ ᠢ ᠡᠭᠡᠭᠦᠯᠦᠨ ᠲᠠᠲᠠᠨ᠎ᠠ ᠭᠡᠰᠡᠨ ᠵᠢᠭᠠᠯᠲᠠ ᠨᠡᠮᠡᠵᠦ ᠲᠤᠰᠬᠠᠬᠤ ᠬᠠᠤᠯᠢ ᠶᠢᠨ ᠲᠥᠰᠥᠯ ᠪᠣᠯᠪᠠᠰᠤᠷᠠᠭᠤᠯᠵᠠᠢ᠃
ᠲᠡᠷᠡ ᠪᠡᠷ᠄ᠤᠯᠤᠰ ᠤᠨ ᠶᠡᠬᠡ ᠬᠤᠷᠠᠯ ᠤᠨ ᠭᠡᠰᠢᠭᠦᠳ ᠬᠠᠷᠢᠭᠤᠴᠠᠯᠭ᠎ᠠ ᠦᠭᠡᠢ᠂  ᠲᠦᠷᠦᠲᠤ ᠶᠣᠰᠣᠨ ᠤ ᠤᠯᠠᠮᠵᠢᠯᠠᠯ ᠢᠶᠠᠨ ᠳᠠᠭᠠᠳᠠᠭ ᠦᠭᠡᠢ᠂ ᠠᠮᠠᠯᠠᠯᠲᠠ ᠪᠠᠨ ᠪᠡᠶᠡᠯᠡᠭᠦᠯᠳᠡᠭ ᠦᠭᠡᠢ ᠲᠤᠬᠠᠢ ᠭᠣᠮᠣᠳᠠᠯ ᠢᠷᠭᠡᠳ ᠡᠴᠡ ᠪᠠᠶᠢᠩᠭᠤ ᠢᠷᠡᠳᠡᠭ᠃ ᠲᠡᠶᠢᠮᠦ ᠡᠴᠡ ᠭᠡᠰᠢᠭᠦᠳ ᠦᠨ ᠶᠣᠰᠣ ᠵᠦᠢ᠂ ᠬᠠᠷᠢᠭᠤᠴᠠᠯᠭ᠎ᠠ ᠶᠢ ᠳᠡᠭᠡᠭᠰᠢᠯᠡᠭᠦᠯᠬᠦ ᠡᠭᠦᠳᠡᠨ ᠡᠴᠡ ᠡᠨᠡᠬᠦ ᠬᠠᠤᠯᠢ ᠶᠢᠨ ᠲᠥᠰᠥᠯ ᠢ ᠪᠣᠯᠪᠠᠰᠤᠷᠠᠭᠤᠯᠤᠭᠰᠠᠨ᠃ ᠢᠩᠭᠢᠬᠦ ᠳᠦ ᠪᠡᠨ ᠰᠣᠩᠭᠣᠭᠴᠢᠳ ᠤᠨ ᠭᠤᠷᠪᠠᠨ ᠤ ᠬᠣᠶᠠᠷ ᠨᠢ ᠭᠠᠷ ᠤᠨ ᠦᠰᠦᠭ ᠵᠢᠷᠤᠭᠰᠠᠨ ᠲᠣᠬᠢᠶᠠᠯᠳᠤᠯ ᠳᠤ ᠤᠯᠤᠰ ᠤᠨ ᠶᠡᠬᠡ ᠬᠤᠷᠠᠯ ᠤᠨ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠨᠢ ᠬᠣᠯᠪᠣᠭᠣᠳᠠᠬᠤ ᠪᠠᠶᠢᠩᠭᠤ ᠶᠢᠨ ᠬᠣᠷᠢᠶ᠎ᠠ ᠪᠣᠯᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠲᠠᠨᠢᠯᠴᠠᠭᠤᠯᠤᠭᠰᠠᠨ ᠢᠶᠠᠷ ᠭᠡᠰᠢᠭᠦᠨ ᠢ ᠰᠢᠭᠤᠳ ᠡᠭᠡᠭᠦᠯᠦᠨ ᠲᠠᠲᠠᠨ᠎ᠠ᠃ ᠡᠭᠦᠨ ᠳᠦ ᠶᠠᠮᠠᠷ ᠨᠢᠭᠡᠨ ᠰᠠᠨᠠᠯ ᠬᠤᠷᠢᠶᠠᠯᠲᠠ ᠶᠠᠪᠤᠭᠤᠯᠬᠤ ᠦᠭᠡᠢ ᠶᠤᠮ᠃ ᠮᠥᠨ ᠰᠣᠩᠭᠣᠭᠤᠯᠢ ᠶᠢᠨ ᠲᠤᠬᠠᠢ ᠬᠠᠤᠯᠢ ᠳᠤ᠄ ᠤᠯᠤᠰ ᠤᠨ ᠶᠡᠬᠡ ᠬᠤᠷᠠᠯ ᠤᠨ ᠭᠡᠰᠢᠭᠦᠨ ᠢ ᠡᠭᠡᠭᠦᠯᠦᠨ ᠲᠠᠲᠠᠬᠤ ᠲᠠᠯ᠎ᠠ ᠪᠠᠷ ᠢᠷᠭᠡᠳ ᠦᠨ ᠭᠠᠷ ᠤᠨ ᠦᠰᠦᠭ ᠪᠦᠬᠦᠢ ᠮᠡᠳᠡᠭᠡᠯᠡᠯ ᠢᠷᠡᠭᠰᠡᠨ ᠲᠣᠬᠢᠶᠠᠯᠳᠤᠯ ᠳᠤ ᠰᠣᠩᠭᠣᠭᠤᠯᠢ ᠶᠢᠨ ᠶᠡᠷᠦᠩᠬᠡᠢ ᠬᠣᠷᠢᠶ᠎ᠠ ᠠᠴᠠ 60 ᠬᠣᠨᠣᠭ ᠤᠨ ᠳᠣᠲᠣᠷ᠎ᠠ ᠰᠡᠭᠦᠯ ᠦᠨ ᠰᠣᠩᠭᠣᠭᠤᠯᠢ ᠳᠤ ᠣᠷᠣᠯᠴᠠᠵᠤ᠂ ᠰᠠᠨᠠᠯ ᠥᠭᠭᠦᠭᠰᠡᠨ ᠢᠷᠭᠡᠳ ᠦᠨ ᠨᠡᠷ᠎ᠡ ᠶᠢ ᠭᠠᠷᠭᠠᠵᠤ᠂ ᠭᠠᠷ ᠤᠨ ᠦᠰᠦᠭ ᠢ ᠪᠠᠲᠤᠯᠠᠭᠠᠵᠢᠭᠤᠯᠤᠨ᠎ᠠ ᠭᠡᠰᠡᠨ ᠵᠢᠭᠠᠯᠲᠠ ᠣᠷᠣᠭᠤᠯᠵᠤ ᠪᠠᠶᠢᠭ᠎ᠠ᠃ ᠪᠤᠰᠤᠳ ᠣᠷᠣᠨ ᠳᠤ ᠨᠡᠶᠢᠲᠡ ᠰᠣᠩᠭᠣᠭᠴᠢᠳ ᠤᠨ 10-50  ᠬᠤᠪᠢ ᠶᠢᠨ ᠭᠠᠷ ᠤᠨ ᠦᠰᠦᠭ ᠲᠡᠢ ᠪᠢᠴᠢᠭ ᠢᠷᠡᠭᠰᠡᠨ ᠲᠣᠬᠢᠶᠠᠯᠳᠤᠯ ᠳᠤ ᠬᠠᠤᠯᠢ ᠲᠣᠭᠲᠠᠭᠠᠬᠤ ᠳᠡᠭᠡᠳᠦ ᠪᠠᠶᠢᠭᠤᠯᠤᠯᠭ᠎ᠠ ᠶᠢᠨ ᠢᠶᠠᠨ ᠭᠡᠰᠢᠭᠦᠨ ᠢ ᠡᠭᠡᠭᠦᠯᠦᠨ ᠲᠠᠲᠠᠳᠠᠭ ᠲᠤᠷᠰᠢᠯᠭ᠎ᠠ ᠪᠤᠢ ᠬᠡᠮᠡᠪᠡ᠃

ᠰᠡᠳᠬᠢᠭᠳᠡᠯ ᠦᠯᠡᠳᠡᠭᠡᠬᠦ