ᠮᠣᠩᠭᠣᠯ ᠲᠦᠮᠡᠨ ᠦ ᠤᠯᠠᠮᠵᠢᠯᠠᠯᠲᠤ ᠰᠠᠷ᠎ᠠ ᠰᠢᠨ᠎ᠡ ᠶᠢᠨ ᠪᠠᠶᠠᠷ ᠢ ᠲᠣᠬᠢᠶᠠᠯᠳᠤᠭᠤᠯᠤᠨ ᠭᠣᠪᠢ-ᠠᠯᠲᠠᠢ ᠠᠶᠢᠮᠠᠭ ᠤᠨ ᠶᠢᠰᠦᠨᠪᠤᠯᠠᠭ ᠰᠤᠮᠤ ᠳᠤ ︽ᠴᠠᠭᠠᠨ ᠰᠠᠷ᠎ᠠ︾ ᠦᠵᠡᠰᠬᠦᠯᠡᠩ ᠬᠤᠳᠠᠯᠳᠤᠭ᠎ᠠ ᠡᠨᠡ ᠰᠠᠷ᠎ᠠ ᠶᠢᠨ 25-26 ᠳᠦ ᠭᠠᠷᠴᠠᠢ᠃ ᠡᠯ᠎ᠡ ᠦᠵᠡᠰᠬᠦᠯᠡᠩ ᠬᠤᠳᠠᠯᠳᠤᠭᠠᠨ ᠳᠤ ᠰᠠᠷ᠎ᠠ ᠰᠢᠨ᠎ᠡ ᠶᠢᠨ ᠪᠠᠶᠠᠷ ᠲᠤ ᠵᠣᠷᠢᠭᠤᠯᠤᠭᠰᠠᠨ ᠣᠷᠣᠨ ᠨᠤᠲᠤᠭ ᠲᠤ ᠪᠠᠨ ᠦᠢᠯᠡᠳᠪᠦᠷᠢᠯᠡᠯ ᠡᠷᠬᠢᠯᠡᠵᠦ ᠪᠤᠢ ᠪᠠᠶᠠᠯᠢᠭ ᠪᠦᠲᠦᠭᠡᠭᠴᠢᠳ ᠪᠠᠷᠠᠭ᠎ᠠ ᠪᠦᠲᠦᠭᠡᠭᠳᠡᠬᠦᠨ ᠨᠦᠭᠦᠳ ᠢᠶᠡᠨ ᠪᠣᠷᠣᠯᠠᠭᠤᠯᠵᠤ ᠪᠠᠶᠢᠨ᠎ᠠ᠃ ᠲᠡᠳᠡᠭᠡᠷ ᠡᠴᠡ ᠵᠡᠭᠦᠦ ᠣᠷᠢᠶᠠᠵᠤ᠂ ᠬᠡ ᠲᠠᠯᠪᠢᠭᠰᠠᠨ ᠪᠤᠷᠢᠶᠠᠳ ᠭᠤᠲᠤᠯ ᠬᠡᠷᠡᠭᠯᠡᠭᠴᠢᠳ ᠤᠨ ᠠᠩᠬᠠᠷᠤᠯ ᠢ ᠲᠠᠲᠠᠵᠤ᠂ ᠡᠷᠢᠯᠲᠡ ᠲᠡᠢ ᠪᠦᠲᠦᠭᠡᠭᠳᠡᠬᠦᠨ ᠢᠶᠡᠷ ᠨᠡᠷᠡᠯᠡᠭᠳᠡᠯᠡ᠃
1990 ᠣᠨ ᠠᠴᠠ ᠭᠤᠲᠤᠯ ᠦᠢᠯᠡᠳᠪᠦᠷᠢᠯᠡᠭᠰᠡᠨ ︽ᠬᠦᠰᠡᠯ ᠦᠨ ᠨᠠᠷᠠᠨ︾ ᠺᠤᠮᠫᠠᠨᠢ ᠶᠢᠨ ᠬᠢᠨ ᠠᠩᠬ᠎ᠠ ᠤᠳᠠᠭ᠎ᠠ ᠵᠡᠭᠦᠦ ᠣᠷᠢᠶᠠᠵᠤ ᠬᠡ ᠲᠠᠯᠪᠢᠭᠰᠠᠨ ᠭᠤᠲᠤᠯ ᠤᠷᠠᠯᠠᠨ 1.8 ᠰᠠᠶ᠎ᠠ ᠲᠥᠭᠥᠷᠢᠭ ᠢᠶᠡᠷ ᠪᠣᠷᠣᠯᠠᠭᠤᠯᠵᠤ ᠪᠠᠶᠢᠨ᠎ᠠ᠃ ᠲᠤᠰ ᠺᠣᠮᠫᠠᠨᠢ ᠶᠢᠨ ᠬᠠᠮᠲᠤ ᠣᠯᠠᠨ ᠣᠷᠣᠨ ᠨᠤᠲᠤᠭ ᠤᠨ ᠢᠶᠠᠨ ᠢᠷᠭᠡᠳ ᠦᠨ ᠬᠡᠷᠡᠭᠴᠡᠭᠡ ᠶᠢ ᠬᠠᠩᠭᠠᠬᠤᠶᠢᠴᠠ ᠥᠩᠭᠡ᠂ ᠦᠵᠡᠮᠵᠢ ᠰᠠᠶᠢᠲᠠᠢ᠂ ᠬᠦᠯ ᠳᠦ ᠡᠪᠲᠡᠶᠢᠬᠡᠨ᠂ ᠬᠥᠩᠭᠡᠨ ᠳᠤᠯᠠᠭᠠᠨ᠂ ᠵᠢᠯ ᠦᠨ 4 ᠤᠯᠠᠷᠢᠯ ᠳᠤ ᠡᠮᠦᠰᠬᠦ ᠳᠦ ᠲᠣᠬᠢᠷᠠᠮᠵᠢᠲᠠᠢ ᠦᠨᠳᠦᠰᠦᠨ ᠦ᠂ ᠧᠦ᠋ᠷᠣᠫᠠ ᠵᠠᠭᠪᠤᠷ ᠤᠨ ᠭᠤᠲᠤᠯ ᠢ ᠱᠠᠲᠤ ᠳᠠᠮᠵᠢᠯᠭ᠎ᠠ ᠪᠦᠷᠢ ᠪᠡᠷ ᠦᠢᠯᠡᠳᠪᠦᠷᠢᠯᠡᠨ ᠵᠠᠬ᠎ᠠ ᠵᠡᠭᠡᠯᠢ ᠳᠦ ᠨᠡᠶᠢᠯᠡᠭᠦᠯᠵᠦ ᠪᠠᠶᠢᠭ᠎ᠠ ᠭᠡᠨ᠎ᠡ᠃