︽ᠴᠢᠩᠭᠢᠰ ᠬᠠᠭᠠᠨ︾ ᠦᠵᠡᠰᠬᠦᠯᠡᠩ ᠠᠮᠧᠷᠢᠺᠠ ᠳᠤ ᠭᠠᠷᠴᠤ ᠪᠠᠶᠢᠨ᠎ᠠ | News.MN

︽ᠴᠢᠩᠭᠢᠰ ᠬᠠᠭᠠᠨ︾ ᠦᠵᠡᠰᠬᠦᠯᠡᠩ ᠠᠮᠧᠷᠢᠺᠠ ᠳᠤ ᠭᠠᠷᠴᠤ ᠪᠠᠶᠢᠨ᠎ᠠ

ᠮᠣᠩᠭᠣᠯ ᠤᠨ ᠡᠵᠡᠨᠲᠦ ᠭᠦᠷᠦᠨ᠂ ᠶᠡᠬᠡ ᠡᠵᠡᠨ ᠪᠣᠭᠳᠠ ᠴᠢᠩᠭᠢᠰ ᠬᠠᠭᠠᠨ ᠪᠣᠯᠤᠨ ᠲᠡᠭᠦᠨ ᠦ ᠤᠭᠰᠠᠭ᠎ᠠ ᠵᠠᠯᠭᠠᠮᠵᠢᠯᠠᠭᠴᠢᠳ ᠤᠨ ᠲᠠᠯ᠎ᠠ ᠪᠠᠷ ᠬᠢ ︽ᠴᠢᠩᠭᠢᠰ ᠬᠠᠭᠠᠨ︾ ᠦᠵᠡᠰᠬᠦᠯᠡᠩ ᠠᠮᠧᠷᠢᠺᠠ ᠳᠦ ᠭᠠᠷᠴᠤ ᠪᠠᠶᠢᠨ᠎ᠠ᠃ ᠡᠨᠡᠬᠦ ᠦᠵᠡᠰᠬᠦᠯᠡᠩ ᠦᠨ ᠨᠡᠭᠡᠭᠡᠯᠲᠡ ᠨᠢᠭᠡᠳᠦᠭᠡᠷ ᠰᠠᠷ᠎ᠠ ᠶᠢᠨ 25  ᠳᠦ ᠠᠯᠠᠪᠠᠮ᠎ᠠ ᠮᠤᠵᠢ  ᠳ᠋ᠡᠬᠢ ︽ᠭᠣᠣᠯᠹ  ᠵᠤᠤᠰᠲ ᠡᠺᠰᠫᠯᠣᠷᠢᠦᠶᠢᠮ ᠰᠢᠨᠵᠢᠯᠡᠬᠦ ᠤᠬᠠᠭᠠᠨ ᠤ ᠲᠥᠪ ︾ ᠲᠤ ᠪᠣᠯᠤᠭᠰᠠᠨ ᠪᠥᠭᠡᠳ ᠮᠣᠩᠭᠣᠯ ᠤᠯᠤᠰ ᠠᠴᠠ ᠠᠮᠧᠷᠢᠺᠠ ᠳᠤ ᠰᠠᠭᠤᠭ᠎ᠠ ᠡᠯᠴᠢᠨ ᠰᠠᠶᠢᠳ ᠶᠣ᠊∙ᠣᠳᠬᠣᠨᠪᠠᠶᠠᠷ᠂ ᠮᠤᠪᠢᠯᠢ ᠬᠣᠲᠠ ᠶᠢᠨ ᠳᠠᠷᠤᠭ᠎ᠠ ᠰᠠᠨᠳᠢ  ᠰᠲ᠋ᠢᠮᠫᠰᠤᠨ᠂ ᠦᠵᠡᠰᠬᠦᠯᠡᠩ ᠦᠨ ᠵᠣᠬᠢᠶᠠᠨ ᠪᠠᠶᠢᠭᠤᠯᠤᠭᠴᠢ ᠵᠡᠷᠭᠡ ᠨᠡᠶᠢᠲᠡ 100 ᠣᠷᠴᠢᠮ ᠵᠣᠴᠢᠳ ᠣᠷᠣᠯᠴᠠᠵᠤ᠂ ᠮᠣᠩᠭᠣᠯ ᠠᠷᠠᠳ ᠤᠨ ᠤᠷᠠᠯᠢᠭ ᠤᠨ ᠲᠣᠭᠯᠠᠯᠲᠠ ᠶᠢ ᠦᠵᠡᠵᠦ ᠰᠣᠨᠢᠷᠬᠠᠭᠰᠠᠨ ᠪᠠᠶᠢᠨ᠎ᠠ᠃
ᠲᠤᠰ ᠦᠵᠡᠰᠬᠦᠯᠡᠩ ᠨᠢ ᠮᠣᠩᠭᠣᠯ ᠵᠠᠩ ᠵᠠᠩᠰᠢᠯ᠂ ᠰᠤᠶᠤᠯ ᠠᠬᠤᠢ᠂ ᠲᠡᠦᠬᠡ ᠤᠯᠠᠮᠵᠢᠯᠠᠯ ᠢ ᠰᠠᠭᠤᠭ᠎ᠠ ᠣᠷᠣᠨ ᠤ ᠢᠷᠭᠡᠳ ᠲᠦ ᠲᠠᠨᠢᠭᠤᠯᠬᠤ᠂ ᠬᠣᠶᠠᠷ ᠤᠯᠤᠰ ᠤᠨ ᠢᠷᠭᠡᠳ ᠬᠣᠭᠣᠷᠣᠨᠳᠣ ᠶᠢᠨ ᠬᠠᠷᠢᠯᠴᠠᠨ ᠣᠶᠢᠯᠠᠭᠠᠯᠴᠠᠯ ᠢ ᠭᠦᠨᠵᠡᠭᠡᠶᠢᠷᠡᠭᠦᠯᠬᠦ ᠳᠦ ᠴᠢᠬᠤᠯᠠ ᠠᠴᠢ ᠬᠣᠯᠪᠣᠭᠳᠠᠯ ᠲᠠᠢ ᠶᠤᠮ᠃ ᠦᠵᠡᠰᠬᠦᠯᠡᠩ ᠡᠨᠡ ᠣᠨ ᠤ ᠳᠥᠷᠪᠡᠳᠦᠭᠡᠷ ᠰᠠᠷ᠎ᠠ ᠶᠢ ᠳᠠᠭᠤᠰᠲᠠᠯ᠎ᠠ ᠦᠷᠭᠦᠯᠵᠢᠯᠡᠨ᠎ᠡ᠃

ᠰᠡᠳᠬᠢᠭᠳᠡᠯ ᠦᠯᠡᠳᠡᠭᠡᠬᠦ