ᠮᠣᠩᠭᠣᠯ ᠤᠯᠤᠰ ᠤᠨ ᠵᠠᠰᠠᠭ ᠤᠨ ᠭᠠᠵᠠᠷ ᠤᠨ 2016-2020 ᠣᠨ ᠤ ᠦᠢᠯᠡ ᠠᠵᠢᠯᠯᠠᠭᠠᠨ ᠤ ᠬᠥᠲᠥᠯᠪᠦᠷᠢ ᠳᠦ ᠲᠡᠳᠬᠦᠪᠦᠷᠢ᠂ ᠲᠡᠳᠬᠦᠮᠵᠢ ᠶᠢ ᠦᠶ᠎ᠡ ᠱᠠᠲᠤ ᠲᠠᠢ ᠪᠠᠷ ᠨᠡᠮᠡᠭᠳᠡᠭᠦᠯᠬᠦ ᠪᠡᠷ ᠲᠤᠰᠬᠠᠭᠰᠠᠨ ᠪᠢᠯᠡ᠃ ᠡᠭᠦᠨ ᠦ ᠳᠠᠭᠠᠤ 2019 ᠣᠨ ᠤ ᠨᠢᠭᠡᠳᠦᠭᠡᠷ ᠰᠠᠷ᠎ᠠ ᠶᠢᠨ 16 ᠤ ᠡᠳᠦᠷ ᠦᠨ ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠢᠶᠠᠷ ᠨᠡᠶᠢᠭᠡᠮ ᠤᠨ ᠳᠠᠭᠠᠳᠬᠠᠯ ᠤᠨ ᠰᠠᠩ ᠠᠴᠠ ᠣᠯᠭᠤᠵᠤ ᠪᠠᠶᠢᠭ᠎ᠠ ᠪᠣᠯᠤᠨ ᠴᠡᠷᠢᠭ ᠦᠨ ᠠᠯᠪᠠ ᠬᠠᠭᠠᠭᠰᠠᠨ ᠤ ᠲᠡᠳᠬᠦᠪᠦᠷᠢ ᠶᠢ 2019 ᠣᠨ ᠤ ᠬᠣᠶᠠᠳᠤᠭᠠᠷ ᠰᠠᠷ᠎ᠠ ᠶᠢᠨ 01 ᠦ ᠡᠳᠦᠷ ᠡᠴᠡ ᠨᠡᠮᠡᠬᠦ ᠪᠡᠷ ᠰᠢᠢᠳᠪᠦᠷᠢᠯᠡᠭᠰᠡᠨ ᠪᠢᠯᠡ᠃
ᠨᠡᠶᠢᠭᠡᠮ ᠤᠨ ᠳᠠᠭᠠᠳᠬᠠᠯ ᠤᠨ ᠰᠠᠩ ᠠᠴᠠ ᠣᠳᠣ ᠶᠢᠨ ᠪᠠᠶᠢᠳᠠᠯ ᠢᠶᠠᠷ 408.3 ᠮᠢᠩᠭᠠᠨ ᠬᠦᠮᠦᠨ ᠰᠠᠷ᠎ᠠ ᠪᠦᠷᠢ ᠲᠡᠳᠬᠦᠪᠦᠷᠢ ᠠᠪᠴᠤ ᠪᠠᠶᠢᠨ᠎ᠠ᠃ ᠲᠡᠳᠬᠦᠪᠦᠷᠢ ᠶᠢᠨ ᠨᠡᠮᠡᠭᠳᠡᠯ ᠳᠦ ᠤᠯᠤᠰ ᠤᠨ ᠲᠥᠰᠥᠪ ᠡᠴᠡ 119.5 ᠲᠡᠷᠪᠤᠮ ᠲᠥᠭᠥᠷᠢᠭ ᠵᠠᠷᠤᠴᠠᠭᠤᠯᠬᠤ ᠪᠠᠷ ᠪᠠᠲᠤᠯᠠᠭᠳᠠᠭᠰᠠᠨ ᠤ ᠳᠠᠭᠠᠤ ᠢᠷᠡᠬᠦ ᠰᠠᠷ᠎ᠠ ᠶᠢᠨ ᠨᠢᠭᠡᠨ ᠡᠴᠡ ᠲᠡᠳᠬᠦᠪᠦᠷᠢ ᠶᠢᠨ ᠬᠡᠮᠵᠢᠶ᠎ᠡ ᠶᠢ 24-30 ᠮᠢᠩᠭᠠᠨ ᠲᠥᠭᠥᠷᠢᠭ ᠢᠶᠡᠷ ᠨᠡᠮᠡᠭᠳᠡᠭᠦᠯᠬᠦ ᠪᠡᠷ ᠪᠣᠯᠵᠠᠢ᠃ ᠢᠩᠭᠢᠭᠰᠡᠨ ᠢᠶᠡᠷ ᠪᠦᠷᠢᠨ ᠲᠡᠳᠬᠦᠪᠦᠷᠢ ᠶᠢᠨ ᠳᠤᠤᠷᠠᠳᠤ ᠬᠡᠮᠵᠢᠶ᠎ᠡ 310 ᠮᠢᠩᠭ᠎ᠠ᠂ ᠬᠤᠪᠢ ᠲᠡᠩᠴᠡᠭᠦᠯᠦᠭᠰᠡᠨ ᠲᠡᠳᠬᠦᠪᠦᠷᠢ ᠶᠢᠨ ᠳᠤᠤᠷᠠᠳᠤ ᠬᠡᠮᠵᠢᠶ᠎ᠡ 270 ᠮᠢᠩᠭᠠᠨ ᠲᠥᠭᠥᠷᠢᠭ᠂ ᠲᠡᠳᠬᠦᠪᠦᠷᠢ ᠶᠢᠨ ᠳᠤᠮᠳᠠᠴᠢ 372.5 ᠮᠢᠩᠭᠠᠨ ᠲᠥᠭᠥᠷᠢᠭ ᠲᠦ ᠬᠦᠷᠴᠦ ᠪᠠᠶᠢᠨ᠎ᠠ᠃