ᠡᠭᠡᠯᠵᠢᠲᠦ ᠪᠤᠰᠤ ᠴᠢᠭᠤᠯᠭᠠᠨ ᠬᠢᠬᠦ ᠡᠰᠡᠬᠦ ᠲᠣᠳᠣᠷᠬᠠᠢ ᠦᠭᠡᠢ ᠪᠠᠶᠢᠨ᠎ᠠ | News.MN

ᠡᠭᠡᠯᠵᠢᠲᠦ ᠪᠤᠰᠤ ᠴᠢᠭᠤᠯᠭᠠᠨ ᠬᠢᠬᠦ ᠡᠰᠡᠬᠦ ᠲᠣᠳᠣᠷᠬᠠᠢ ᠦᠭᠡᠢ ᠪᠠᠶᠢᠨ᠎ᠠ

ᠥᠩᠭᠡᠷᠡᠭᠰᠡᠨ ᠪᠠᠰᠠᠩ ᠭᠠᠷᠠᠭ ᠲᠤ ᠨᠠᠮᠤᠷ ᠤᠨ ᠴᠢᠭᠤᠯᠭᠠᠨ ᠢ ᠬᠠᠭᠠᠭᠰᠠᠨ᠃ ᠨᠠᠮᠤᠷ ᠤᠨ ᠴᠢᠭᠤᠯᠭᠠᠨ ᠢᠶᠠᠷ ᠬᠡᠯᠡᠯᠴᠡᠬᠦ ᠪᠡᠷ ᠲᠣᠪᠯᠠᠭᠰᠠᠨ ᠬᠠᠤᠯᠢ ᠨᠤᠭᠤᠳ ᠤᠨ ᠶᠡᠬᠡᠩᠬᠢ ᠨᠢ ᠬᠡᠯᠡᠯᠴᠡᠭᠳᠡᠵᠦ ᠴᠢᠳᠠᠭ᠎ᠠ ᠦᠭᠡᠢ ᠤᠴᠢᠷ ᠠᠴᠠ ᠡᠭᠡᠯᠵᠢᠲᠦ ᠪᠤᠰᠤ ᠴᠢᠭᠤᠯᠭᠠᠨ ᠢ ᠵᠠᠷᠯᠠᠵᠤ ᠮᠠᠭᠠᠳ ᠦᠭᠡᠢ ᠭᠡᠬᠦ ᠮᠡᠳᠡᠭᠡᠯᠡᠯ ᠢ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠥᠭᠭᠦᠭᠰᠡᠨ᠃
ᠡᠨᠡ ᠲᠠᠯ᠎ᠠ ᠪᠠᠷ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠬᠡᠪᠯᠡᠯ ᠮᠡᠳᠡᠭᠡᠯᠡᠯ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠦᠨ ᠮᠡᠷᠭᠡᠵᠢᠯᠲᠡᠨ ᠡᠴᠡ ᠲᠣᠳᠣᠷᠠᠭᠤᠯᠬᠤ ᠳᠤ ︽ᠡᠭᠡᠯᠵᠢᠲᠦ ᠪᠤᠰᠤ ᠴᠢᠭᠤᠯᠭᠠᠨ ᠢ ᠵᠠᠷᠯᠠᠬᠤ ᠡᠰᠡᠬᠦ ᠨᠢ ᠣᠳᠣ ᠪᠠᠷ ᠲᠣᠳᠣᠷᠬᠠᠢ ᠪᠤᠰᠤ ᠪᠠᠶᠢᠨ᠎ᠠ᠃ ᠭᠤᠷᠪᠠᠳᠤᠭᠠᠷ ᠰᠠᠷ᠎ᠠ ᠶᠢᠨ 1 ᠍ ᠤ ᠡᠳᠦᠷ ᠡᠴᠡ ᠨᠠᠭᠠᠰᠢ ᠲᠣᠳᠣᠷᠬᠠᠢ ᠪᠣᠯᠬᠤ ᠦᠭᠡᠢ︾ ᠭᠡᠬᠦ ᠮᠡᠳᠡᠭᠡᠯᠡᠯ ᠢ ᠦᠭᠭᠦᠯ᠎ᠡ᠃
ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠡᠷᠭᠡᠳᠡᠬᠢ ᠵᠥᠪᠯᠡᠯ ᠡᠨᠡ ᠳᠣᠯᠣᠭ᠎ᠠ ᠬᠣᠨᠣᠭ ᠲᠤ ᠬᠤᠷᠠᠯᠳᠤᠵᠤ ᠡᠭᠡᠯᠵᠢᠲᠦ ᠪᠤᠰᠤ ᠴᠢᠭᠤᠯᠭᠠᠨ ᠵᠠᠷᠯᠠᠬᠤ ᠡᠰᠡᠬᠦ ᠪᠣᠯᠤᠨ ᠵᠠᠷᠯᠠᠭᠰᠠᠨ ᠲᠣᠬᠢᠶᠠᠯᠳᠤᠯ ᠳᠤ ᠡᠭᠡᠯᠵᠢᠲᠦ ᠪᠤᠰᠤ ᠴᠢᠭᠤᠯᠭᠠᠨ ᠢᠶᠠᠷ ᠬᠡᠯᠡᠯᠴᠡᠬᠦ ᠬᠠᠤᠯᠢ ᠶᠢᠨ ᠲᠥᠰᠥᠯ ᠦᠳ ᠦᠨ ᠵᠢᠭᠰᠠᠭᠠᠯᠲᠠ ᠶᠢ ᠭᠠᠷᠭᠠᠨ᠎ᠠ ᠭᠡᠬᠦ ᠮᠡᠳᠡᠭᠡᠯᠡᠯ ᠴᠤ ᠮᠥᠨ ᠪᠠᠶᠢᠨ᠎ᠠ᠃

ᠰᠡᠳᠬᠢᠭᠳᠡᠯ ᠦᠯᠡᠳᠡᠭᠡᠬᠦ