︽ᠮᠥᠰᠦᠨ ᠦ ᠱᠠᠭ᠎ᠠ ᠶᠢᠨ ᠬᠠᠷᠪᠤᠭ᠎ᠠ︾ ᠶᠢᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠬᠣᠶᠠᠳᠤᠭᠠᠷ ᠰᠠᠷ᠎ᠠ ᠶᠢᠨ 16-17 ᠳᠤ ︽ᠤᠯᠠᠭᠠᠨᠪᠠᠭᠠᠲᠤᠷ ᠤᠨ ᠡᠪᠦᠯ ᠦᠨ ᠨᠠᠭᠠᠳᠤᠮ︾ ᠤᠨ ᠬᠦᠷᠢᠶᠡᠨ ᠳᠦ ᠪᠣᠭᠳᠠ ᠬᠠᠨ ᠠᠭᠤᠯᠠ ᠶᠢᠨ ᠦᠵᠡᠰᠬᠦᠯᠡᠩᠲᠦ ᠬᠦᠷᠬᠢᠷ᠎ᠡ ᠶᠢᠨ ᠠᠮᠠᠨ ᠳᠤ ᠪᠣᠯᠤᠨ᠎ᠠ᠃ ᠥᠨᠢ ᠵᠠᠭᠤᠨ ᠤ ᠲᠡᠦᠬᠡ ᠲᠡᠢ ᠤᠯᠠᠮᠵᠢᠯᠠᠯᠲᠤ ᠱᠠᠭ᠎ᠠ ᠶᠢᠨ ᠬᠠᠷᠪᠤᠭ᠎ᠠ ᠶᠢ ᠰᠡᠷᠭᠦᠭᠡᠬᠦ᠂ ᠬᠠᠷᠪᠤᠭᠠᠴᠢᠳ ᠤᠨ ᠵᠠᠯᠭᠠᠮᠵᠢ ᠶᠢ ᠪᠡᠯᠡᠳᠬᠡᠬᠦ᠂ ᠣᠯᠠᠨ ᠨᠡᠶᠢᠲᠡ ᠳᠦ ᠰᠤᠷᠲᠠᠯᠴᠢᠯᠠᠬᠤ᠂ ᠡᠪᠦᠯ ᠦᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠵᠣᠷᠢᠯᠭ᠎ᠠ ᠪᠠᠷ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠵᠣᠬᠢᠶᠠᠨ ᠪᠠᠶᠢᠭᠤᠯᠵᠤ ᠪᠠᠶᠢᠨ᠎ᠠ᠃ ᠦᠨᠳᠦᠰᠦᠨ ᠦ ᠪᠡᠨ ᠰᠤᠶᠤᠯ ᠤᠨ ᠪᠡᠶᠡᠲᠦ ᠪᠤᠰᠤ ᠥᠪ ᠢ ᠶᠤᠨᠧᠰᠺᠤ ᠍ ᠳᠦ ᠪᠦᠷᠢᠳᠬᠡᠭᠦᠯᠵᠦ ᠪᠠᠲᠤᠯᠠᠭᠠᠵᠢᠭᠤᠯᠬᠤ ᠨᠢ ᠮᠣᠩᠭᠣᠯ ᠤᠨ ᠲᠡᠦᠬᠡ ᠰᠤᠶᠤᠯ ᠢ ᠳᠡᠯᠡᠬᠡᠢ ᠳ᠋ᠠᠬᠢᠨ ᠳᠤ ᠬᠦᠯᠢᠶᠡᠨ ᠵᠥᠪᠰᠢᠶᠡᠷᠡᠭᠰᠡᠨ ᠦ ᠪᠠᠲᠤᠯᠠᠭ᠎ᠠ ᠪᠥᠭᠡᠳ ᠲᠤᠬᠠᠢ ᠶᠢᠨ ᠥᠪ ᠢ ᠣᠯᠠᠨ ᠤᠯᠤᠰ ᠲᠤ ᠲᠠᠨᠢᠭᠤᠯᠬᠤ᠂ ᠬᠠᠳᠠᠭᠠᠯᠠᠵᠤ ᠬᠠᠮᠠᠭᠠᠯᠠᠬᠤ᠂ ᠰᠡᠷᠭᠦᠭᠡᠨ ᠠᠮᠢᠯᠠᠭᠤᠯᠬᠤ ᠠᠴᠢ ᠬᠣᠯᠪᠣᠭᠳᠠᠯ ᠲᠠᠢ ᠶᠤᠮ᠃
ᠶᠤᠨᠧᠰᠺᠤ ᠳᠤ 2014 ᠣᠨ ᠳᠤ ᠪᠦᠷᠢᠳᠬᠡᠭᠳᠡᠭᠰᠡᠨ ︽ᠱᠠᠭ᠎ᠠ ᠶᠢᠨ ᠬᠠᠷᠪᠤᠭ᠎ᠠ︾ ᠨᠢ ᠨᠡᠭᠦᠳᠡᠯᠴᠢᠳ ᠦᠨ ᠠᠮᠢᠳᠤᠷᠠᠯ ᠠᠬᠤᠢ ᠳᠤ ᠲᠤᠯᠭᠠᠭᠤᠷᠢᠯᠠᠭᠰᠠᠨ ᠮᠣᠩᠭᠣᠯ ᠠᠷᠠᠳ ᠤᠨ ᠨᠠᠭᠠᠳᠤᠭᠠᠢ ᠠᠴᠠ ᠦᠨᠳᠦᠰᠦᠨ ᠦ ᠰᠫᠣᠷᠲ ᠪᠣᠯᠲᠠᠯ᠎ᠠ ᠪᠠᠨ ᠬᠥᠭᠵᠢᠵᠦ ᠪᠠᠶᠢᠨ᠎ᠠ᠃ ᠮᠣᠩᠭᠣᠯᠴᠤᠳ ︽ᠡᠷᠡᠬᠡᠢ ᠶᠢᠨ ᠴᠢᠨᠡᠭᠡᠨ ᠪᠡᠶ᠎ᠡ ᠲᠡᠢ᠂ ᠡᠷᠳᠡᠨᠢ ᠶᠢᠨ ᠳᠥᠷᠪᠡᠨ ᠲᠠᠯ᠎ᠠ ᠲᠠᠢ︾ ᠬᠡᠮᠡᠨ ᠱᠠᠭ᠎ᠠ ᠶᠢ ᠠᠷᠠᠳ ᠤᠨ ᠣᠨᠢᠰᠤᠭ᠎ᠠ ᠳᠤ ᠵᠦᠢᠷᠯᠡᠳᠡᠭ ᠲᠡᠳᠦᠢ ᠦᠭᠡᠢ ᠬᠣᠨᠢ᠂ ᠮᠣᠷᠢ᠂ ᠲᠡᠮᠡᠭᠡ᠂ ᠢᠮᠠᠭ᠎ᠠ ᠬᠡᠮᠡᠨ ᠨᠡᠷᠡᠶᠢᠳᠴᠦ ᠦᠷ᠎ᠡ ᠬᠡᠦᠬᠡᠳ ᠢᠶᠡᠨ ᠮᠠᠯ ᠳᠤ ᠬᠠᠶᠢᠷᠠᠲᠠᠢ ᠪᠣᠯᠭᠠᠨ ᠬᠦᠮᠦᠵᠢᠭᠦᠯᠵᠦ ᠢᠷᠡᠵᠡᠢ᠃ ᠣᠳᠣ ᠴᠠᠭ ᠲᠤ ᠴᠠᠭᠠᠨ ᠰᠠᠷ᠎ᠠ ᠶᠢᠨ ᠦᠶ᠎ᠡ ᠪᠡᠷ ᠱᠠᠭ᠎ᠠ ᠪᠠᠷ ᠲᠦᠭᠡᠮᠡᠯ ᠨᠠᠭᠠᠳᠳᠠᠭ ᠪᠥᠭᠡᠳ ᠭᠠᠳᠠᠭᠠᠳᠤ ᠶᠢᠨ ᠵᠢᠭᠤᠯᠴᠢᠳ ᠤᠨ ᠰᠣᠨᠢᠷᠬᠠᠯ ᠢ ᠶᠡᠬᠡ ᠪᠡᠷ ᠲᠠᠲᠠᠳᠠᠭ ᠠᠶᠠᠯᠠᠯ ᠵᠢᠭᠤᠯᠴᠢᠯᠠᠯ ᠤᠨ ᠪᠦᠲᠦᠭᠡᠭᠳᠡᠬᠦᠨ ᠪᠣᠯᠤᠭᠰᠠᠨ ᠪᠠᠶᠢᠨ᠎ᠠ᠃