︽ᠪᠤᠮᠪᠠᠷᠲᠠᠢ︾ ᠬᠡᠦᠬᠡᠯᠳᠡᠢ ᠶᠢᠨ ᠺᠢᠨᠣ᠋ ᠱᠠᠩᠨᠠᠯ ᠬᠦᠷᠲᠡᠯ᠎ᠡ | News.MN

︽ᠪᠤᠮᠪᠠᠷᠲᠠᠢ︾ ᠬᠡᠦᠬᠡᠯᠳᠡᠢ ᠶᠢᠨ ᠺᠢᠨᠣ᠋ ᠱᠠᠩᠨᠠᠯ ᠬᠦᠷᠲᠡᠯ᠎ᠡ

ᠣᠯᠠᠨ ᠤᠯᠤᠰ ᠤᠨ ︽ᠵᠢᠭᠠᠰᠤᠨ ᠨᠢᠳᠦ ︾ ᠺᠢᠨᠣ᠋ ᠦᠵᠡᠭᠦᠯᠦᠯᠭᠡ ︵16th Fish eye international film festival︶  ᠪᠦᠭᠦᠳᠡ ᠨᠠᠶᠢᠷᠠᠮᠳᠠᠬᠤ ᠰᠤᠯᠤᠩᠭᠤᠰ ᠤᠯᠤᠰ  ᠲᠤ 2018 ᠣᠨ ᠤ ᠠᠷᠪᠠᠨ ᠨᠢᠭᠡᠳᠦᠭᠡᠷ ᠰᠠᠷ᠎ᠠ ᠳᠤ ᠪᠣᠯᠵᠤ ᠥᠩᠭᠡᠷᠡᠭᠰᠡᠨ᠃ ᠬᠠᠷᠢᠨ ᠺᠢᠨᠣ᠋  ᠦᠵᠡᠭᠦᠯᠦᠯᠭᠡ ᠶᠢᠨ ᠰᠢᠯᠢᠳᠡᠭ ᠦᠳ ᠢ ᠡᠨᠡ ᠬᠣᠶᠠᠳᠤᠭᠠᠷ ᠰᠠᠷ᠎ᠠ ᠳᠤ ᠲᠠᠨᠢᠯᠴᠠᠭᠤᠯᠵᠤ ᠪᠠᠶᠢᠭ᠎ᠠ ᠶᠤᠮ ᠪᠠᠶᠢᠨ᠎ᠠ᠃ ᠡᠨᠡ ᠤᠳᠠᠭ᠎ᠠ ᠶᠢᠨ ᠨᠠᠭᠠᠳᠤᠮ ᠳᠤ ᠣᠷᠣᠰ᠂ ᠲᠠᠶᠢᠯᠠᠨᠳ᠋᠂ ᠬᠢᠲᠠᠳ᠂ ᠶᠠᠫᠣᠨ᠂ ᠮᠣᠩᠭᠣᠯ ᠤᠨ ᠤᠷᠠᠨ ᠪᠦᠲᠦᠭᠡᠯᠴᠢᠳ ᠣᠷᠣᠯᠴᠠᠭᠰᠠᠨ ᠠᠴᠠ ᠮᠠᠨ ᠤ ᠤᠯᠤᠰ ᠤᠨ  ︽ᠨᠡᠭᠦᠳᠡᠯᠴᠢᠳ ᠦᠨ ᠵᠢᠷᠤᠭ ᠤᠨ ᠥᠭᠦᠯᠡᠮᠵᠢ︾ ᠰᠠᠩ ᠤᠨ ᠪᠦᠲᠦᠭᠡᠯ ︽ᠪᠤᠮᠪᠠᠷᠲᠠᠢ︾ ᠺᠢᠨᠣ᠋ ᠨᠢ ᠬᠡᠦᠬᠡᠯᠳᠡᠢ ᠶᠢᠨ ᠺᠢᠨᠣᠨ ᠤ ᠲᠥᠷᠥᠯ ᠳᠦ ᠰᠢᠯᠢᠳᠡᠭ ᠢᠶᠡᠷ ᠰᠢᠯᠭᠠᠷᠠᠵᠤ ᠂ ᠭᠷᠡᠨᠫᠷᠢ ᠱᠠᠩᠨᠠᠯ  ᠬᠦᠷᠲᠡᠵᠡᠢ᠃ ᠪᠤᠮᠪᠠᠷᠲᠠᠢ ᠬᠦᠦ ᠶᠢᠨ ᠰᠡᠳᠬᠢᠯ ᠬᠥᠳᠡᠯᠭᠡᠮ᠎ᠡ ᠠᠳᠠᠯ ᠶᠠᠪᠤᠳᠠᠯ᠂ ᠡᠬᠡ ᠦᠷ᠎ᠡ ᠶᠢᠨ ᠬᠠᠶᠢᠷ᠎ᠠ ᠬᠦᠢ ᠶᠢᠨ ᠬᠣᠯᠪᠣᠭ᠎ᠠ᠂ ᠬᠡᠦᠬᠡᠳ ᠬᠡᠳᠦᠢ ᠵᠢᠭᠠᠬᠠᠨ ᠴᠤ ᠰᠡᠳᠬᠢᠯ ᠪᠠᠭᠠᠳᠠᠳᠠᠭ ᠦᠭᠡᠢ ᠭᠡᠳᠡᠭ ᠢ ᠬᠠᠷᠠᠭᠤᠯᠬᠤ ᠪᠥᠭᠡᠳ ᠮᠣᠩᠭᠣᠯ ᠤᠨ ᠤᠯᠠᠮᠵᠢᠯᠠᠯᠲᠤ ᠶᠣᠰᠣ᠂ ᠵᠠᠩ ᠵᠠᠩᠰᠢᠯ᠂ ᠠᠬᠤᠢ ᠰᠤᠶᠤᠯ ᠢ ᠬᠠᠷᠠᠭᠤᠯᠤᠭᠰᠠᠨ ᠪᠠᠶᠢᠳᠠᠭ᠃

ᠰᠡᠳᠬᠢᠭᠳᠡᠯ ᠦᠯᠡᠳᠡᠭᠡᠬᠦ