ᠮᠠᠩᠰᠢᠭᠤᠷᠠᠭᠤᠯᠬᠤ ᠪᠣᠳᠠᠰ ᠨᠡᠪᠲᠡᠷᠡᠭᠦᠯᠬᠦ ᠶᠢ ᠤᠷᠤᠯᠳᠤᠵᠠᠢ | News.MN

ᠮᠠᠩᠰᠢᠭᠤᠷᠠᠭᠤᠯᠬᠤ ᠪᠣᠳᠠᠰ ᠨᠡᠪᠲᠡᠷᠡᠭᠦᠯᠬᠦ ᠶᠢ ᠤᠷᠤᠯᠳᠤᠵᠠᠢ

ᠭᠠᠶᠢᠯᠢ ᠶᠢᠨ ᠪᠠᠶᠢᠭᠤᠯᠤᠯᠭ᠎ᠠ 2019 ᠣᠨ ᠤ ᠨᠢᠭᠡᠳᠦᠭᠡᠷ ᠰᠠᠷ᠎ᠠ ᠶᠢᠨ ᠪᠠᠶᠢᠳᠠᠯ ᠢᠶᠠᠷ ᠮᠠᠩᠰᠢᠭᠤᠷᠠᠭᠤᠯᠬᠤ ᠪᠣᠳᠠᠰ ᠤᠯᠤᠰ ᠤᠨ ᠬᠢᠯᠢ ᠪᠡᠷ ᠨᠡᠪᠲᠡᠷᠡᠭᠦᠯᠬᠦ ᠶᠢ ᠵᠠᠪᠳᠤᠭᠰᠠᠨ ᠲᠠᠪᠤᠨ ᠤᠳᠠᠭ᠎ᠠ ᠶᠢᠨ ᠦᠢᠯᠡᠳᠦᠯ ᠢ ᠢᠯᠡᠷᠡᠭᠦᠯᠵᠡᠢ ᠃ ᠴᠠᠭᠳᠠᠭ᠎ᠠ ᠶᠢᠨ ᠶᠡᠷᠦᠩᠬᠡᠢ ᠭᠠᠵᠠᠷ ᠤᠨ ᠬᠠᠷ᠎ᠠ ᠲᠠᠮᠠᠬᠢ ᠲᠠᠢ ᠲᠡᠮᠡᠴᠡᠬᠦ ᠭᠠᠵᠠᠷ ᠪᠤᠰᠤᠳ ᠪᠠᠶᠢᠭᠤᠯᠤᠯᠭ᠎ᠠ ᠲᠠᠢ ᠬᠠᠮᠲᠤᠷᠠᠭᠰᠠᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠭᠰᠠᠨ ᠤ ᠦᠷ᠎ᠡ ᠳ᠋ᠦᠩ ᠳᠦ ᠠᠮᠧᠷᠢᠺᠠ᠂ ᠺᠠᠨᠠᠳᠠ᠂ ᠶᠡᠬᠡ ᠪᠢᠷᠢᠲ᠋ᠠᠨ᠂ ᠭᠧᠷᠮᠠᠨ᠂ ᠢᠰᠫᠠᠨᠢ ᠠᠴᠠ ᠮᠠᠩᠰᠢᠭᠤᠷᠠᠭᠤᠯᠬᠤ ᠡᠮ᠂ ᠰᠡᠳᠬᠢᠴᠡ ᠳᠦ ᠨᠦᠯᠦᠭᠡᠯᠡᠬᠦ ᠪᠣᠳᠠᠰ ᠢ ᠵᠠᠬᠢᠶᠠᠯᠠᠨ ᠣᠯᠠᠨ ᠤᠯᠤᠰ ᠤᠨ ᠰᠢᠤᠳᠠᠨ ᠢᠯᠡᠭᠡᠮᠵᠢ ᠪᠡᠷ ᠤᠯᠤᠰ ᠤᠨ ᠬᠢᠯᠢ ᠪᠡᠷ ᠨᠡᠪᠲᠡᠷᠡᠭᠦᠯᠬᠦ ᠶᠢ ᠵᠠᠪᠳᠤᠭᠰᠠᠨ ᠦᠢᠯᠡᠳᠦᠯ ᠢ ᠲᠣᠭᠲᠠᠭᠠᠵᠤ᠂ ᠲᠠᠰᠤᠯᠤᠨ ᠵᠣᠭᠰᠣᠭᠠᠭᠰᠠᠨ ᠪᠠᠶᠢᠨ᠎ᠠ᠃
2019 ᠣᠨ ᠤ ᠨᠢᠭᠡᠳᠦᠭᠡᠷ ᠰᠠᠷ᠎ᠠ ᠶᠢᠨ 7 ᠤ ᠡᠳᠦᠷ ᠭᠧᠷᠮᠠᠨ ᠤᠯᠤᠰ ᠠᠴᠠ᠂ ᠨᠢᠭᠡᠳᠦᠭᠡᠷ ᠰᠠᠷ᠎ᠠ ᠶᠢᠨ 8 ᠍ ᠤ ᠡᠳᠦᠷ ᠨᠢᠳ᠋ᠸᠷᠯᠠᠨᠳ᠋ ᠤᠯᠤᠰ ᠠᠴᠠ᠂ ᠨᠢᠭᠡᠳᠦᠭᠡᠷ ᠰᠠᠷ᠎ᠠ ᠶᠢᠨ 14 ᠍ ᠦ ᠡᠳᠦᠷ ᠭᠧᠷᠮᠠᠨ ᠤᠯᠤᠰ ᠠᠴᠠ᠂ ᠨᠢᠭᠡᠳᠦᠭᠡᠷ ᠰᠠᠷ᠎ᠠ ᠶᠢᠨ 26 ᠍ ᠤ ᠡᠳᠦᠷ ᠮᠠᠯᠠᠶᠢᠰᠢᠶ᠎ᠠ ᠤᠯᠤᠰ ᠠᠴᠠ ᠢᠷᠡᠭᠰᠡᠨ᠂ ᠲᠠᠶᠢᠯᠠᠨᠳ᠋ ᠤᠯᠤᠰ ᠠᠴᠠ ᠢᠷᠡᠭᠰᠡᠨ ᠪᠤᠤᠬᠢᠶ᠎ᠠ ᠢᠯᠡᠭᠡᠮᠵᠢ  ᠠᠴᠠ ᠮᠠᠩᠰᠢᠭᠤᠷᠠᠭᠤᠯᠬᠤ ᠪᠣᠳᠠᠰ᠂ ᠰᠡᠳᠬᠢᠴᠡ ᠳᠦ ᠨᠦᠯᠦᠭᠡᠲᠦ ᠪᠣᠳᠠᠰ ᠢᠯᠡᠷᠡᠭᠦᠯᠦᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ