ᠮᠠᠯ ᠢ ᠢᠯᠭᠠᠨ ᠲᠡᠮᠳᠡᠭᠯᠡᠵᠦ᠂ ᠪᠦᠷᠢᠳᠬᠡᠬᠦ ᠰᠢᠰᠲ᠋ᠧᠮ ᠢ ᠰᠢᠨᠡᠴᠢᠯᠡᠨ᠎ᠡ | News.MN

ᠮᠠᠯ ᠢ ᠢᠯᠭᠠᠨ ᠲᠡᠮᠳᠡᠭᠯᠡᠵᠦ᠂ ᠪᠦᠷᠢᠳᠬᠡᠬᠦ ᠰᠢᠰᠲ᠋ᠧᠮ ᠢ ᠰᠢᠨᠡᠴᠢᠯᠡᠨ᠎ᠡ

ᠤᠯᠤᠰ ᠤᠨ ᠬᠡᠮᠵᠢᠶᠡᠨ ᠳᠦ ᠥᠨᠥᠳᠥᠷ ᠦᠨ ᠪᠠᠶᠢᠳᠠᠯ ᠢᠶᠠᠷ 16 ᠠᠶᠢᠮᠠᠭ ᠤᠨ 53 ᠰᠤᠮᠤ ᠶᠢᠨ 369 ᠮᠢᠩᠭᠠᠨ ᠲᠣᠯᠣᠭᠠᠢ ᠮᠠᠯ ᠢ ᠠᠩᠭᠢᠯᠠᠵᠤ ᠪᠦᠷᠢᠳᠬᠡᠭᠰᠡᠨ ᠡᠴᠡ 150 ᠮᠢᠩᠭᠠᠨ ᠮᠠᠯ ᠢ ᠢᠯᠭᠠᠨ ᠲᠡᠮᠳᠡᠭᠯᠡᠵᠦ᠂ ᠡᠭᠡᠮᠦᠭᠵᠢᠭᠦᠯᠦᠭᠡᠳ ᠪᠠᠶᠢᠨ᠎ᠠ᠃ ᠳᠡᠭᠡᠷᠡᠬᠢ ᠠᠵᠢᠯ ᠢ ᠡᠷᠴᠢᠮᠵᠢᠭᠦᠯᠬᠦ ᠡᠭᠦᠳᠡᠨ ᠡᠴᠡ ᠬᠦᠨᠡᠰᠦ ᠬᠦᠳᠡᠭᠡ ᠠᠵᠤ ᠠᠬᠤᠢ ᠶᠢᠨ ᠶᠠᠮᠤᠨ ᠹᠷᠠᠨᠼᠢ ᠶᠢᠨ ᠮᠠᠯ ᠠᠵᠤ ᠠᠬᠤᠢ ᠶᠢᠨ ᠬᠦᠷᠢᠶᠡᠯᠡᠩ ᠲᠡᠢ ᠬᠠᠮᠲᠤᠷᠠᠨ ᠲᠤᠷᠰᠢᠯᠲᠠ ᠶᠢᠨ ᠲᠥᠰᠥᠯ ᠬᠡᠷᠡᠭᠵᠢᠭᠦᠯᠬᠦ ᠪᠡᠷ ᠪᠣᠯᠵᠠᠢ᠃ ︽ᠮᠠᠯ ᠰᠦᠷᠦᠭ ᠦᠨ ᠴᠢᠨᠠᠷ᠂ ᠡᠭᠦᠯᠳᠡᠷ ᠢ ᠰᠠᠶᠢᠵᠢᠷᠠᠭᠤᠯᠬᠤ᠂ ᠨᠢᠭᠡ ᠮᠠᠯ ᠠᠴᠠ ᠠᠪᠬᠤ ᠠᠰᠢᠭ ᠰᠢᠮ᠎ᠡ ᠶᠢ ᠨᠡᠮᠡᠭᠳᠡᠭᠦᠯᠬᠦ ᠳᠦ ᠮᠠᠯ ᠤᠨ ᠭᠠᠷᠤᠯ ᠡᠭᠦᠰᠦᠯ ᠢ ᠲᠣᠳᠣᠷᠬᠠᠶᠢᠯᠠᠬᠤ ᠨᠢ ᠴᠢᠬᠤᠯᠠ ᠪᠥᠭᠡᠳ ᠮᠠᠯ ᠢ ᠪᠦᠷᠢᠳᠬᠡᠯᠵᠢᠭᠦᠯᠵᠦ᠂ ᠮᠡᠳᠡᠭᠡᠯᠡᠯ ᠦᠨ ᠰᠠᠩ ᠪᠤᠢ ᠪᠣᠯᠭᠠᠵᠤ ᠪᠠᠶᠢᠨ᠎ᠠ︾ ᠭᠡᠵᠦ ᠶᠠᠮᠤᠨ ᠤ ᠮᠠᠯ ᠤᠨ ᠦᠷᠡᠵᠢᠯ᠂ ᠪᠦᠷᠢᠳᠬᠡᠯ ᠦᠨ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠳ∙ᠪᠠᠲᠤᠰᠦ᠋ᠷᠦᠩ ᠣᠨᠴᠠᠯᠠᠵᠤ ᠪᠠᠶᠢᠨ᠎ᠠ᠃ ᠲᠤᠬᠠᠶᠢᠯᠠᠪᠠᠯ ᠂ ᠮᠠᠯ ᠤᠨ ᠦᠨᠳᠦᠰᠦᠨ ᠦ ᠪᠦᠷᠢᠳᠬᠡᠯ ᠮᠡᠳᠡᠭᠡᠯᠡᠯ ᠦᠨ ᠨᠢᠭᠡᠳᠦᠭᠰᠡᠨ ᠰᠠᠩ ᠢ ᠰᠢᠨᠡᠴᠢᠯᠡᠵᠦ᠂ ᠮᠡᠳᠡᠭᠡᠯᠡᠯ ᠳᠠᠮᠵᠢᠭᠤᠯᠬᠤ ᠵᠣᠷᠢᠭᠤᠯᠤᠯᠲᠠ ᠲᠠᠢ ᠤᠩᠰᠢᠭᠴᠢ ᠲᠥᠬᠥᠭᠡᠷᠦᠮᠵᠢ ᠶᠢ ᠠᠰᠢᠭᠯᠠᠬᠤ᠂ ᠮᠠᠯ ᠤᠨ ᠰᠢᠯᠵᠢᠯᠲᠡ ᠬᠥᠳᠡᠯᠭᠡᠭᠡᠨ ᠢ ᠣᠨᠯᠠᠶᠢᠨ ᠢᠶᠠᠷ ᠬᠢᠨᠠᠬᠤ ᠪᠣᠯᠤᠮᠵᠢ ᠶᠢ ᠪᠦᠷᠢᠳᠦᠭᠦᠯᠬᠦ ᠃

ᠨᠢᠭᠡᠨᠲᠡ ᠪᠤᠢ ᠪᠣᠯᠤᠭᠰᠠᠨ ᠰᠢᠰᠲ᠋ᠧᠮ ᠢ ᠰᠢᠨᠡᠴᠢᠯᠡᠭᠰᠡᠨ ᠢᠶᠡᠷ ᠮᠠᠯ ᠦᠷᠡᠵᠢᠯ ᠦᠨ ᠠᠵᠢᠯ ᠢ ᠰᠢᠨ᠎ᠡ ᠱᠠᠲᠤᠨ ᠳᠤ ᠭᠠᠷᠭᠠᠵᠤ᠂ ᠮᠠᠯ ᠤᠨ ᠠᠰᠢᠭ ᠰᠢᠮ᠎ᠡ᠂ ᠡᠭᠦᠯᠳᠡᠷ ᠤᠭᠰᠠᠭ᠎ᠠ ᠰᠠᠶᠢᠵᠢᠷᠠᠨ᠎ᠠ ᠭᠡᠵᠦ ᠦᠵᠡᠵᠦ ᠪᠠᠶᠢᠨ᠎ᠠ᠃ ᠮᠠᠯ ᠤᠨ ᠰᠢᠯᠵᠢᠯᠲᠡ ᠬᠥᠳᠡᠯᠭᠡᠭᠡᠨ ᠢ ᠬᠢᠨᠠᠭᠰᠠᠨ ᠢᠶᠠᠷ ᠮᠠᠯ ᠤᠨ ᠬᠤᠯᠠᠭᠠᠢ ᠪᠠᠭᠤᠷᠠᠨ᠎ᠠ᠃ ᠮᠠᠯ ᠤᠨ ᠭᠠᠷᠤᠯ ᠡᠭᠦᠰᠦᠯ ᠢ ᠲᠣᠳᠣᠷᠬᠠᠶᠢᠯᠠᠵᠤ᠂ ᠮᠥᠷᠳᠡᠨ ᠮᠥᠰᠬᠢᠳᠡᠭ ᠪᠣᠯᠤᠭᠰᠠᠨ ᠢᠶᠠᠷ ᠲᠦᠭᠦᠬᠡᠢ ᠡᠳ᠋᠍ ᠦᠨ ᠴᠢᠨᠠᠷ ᠰᠠᠶᠢᠵᠢᠷᠠᠬᠤ ᠵᠡᠷᠭᠡ ᠣᠯᠠᠨ ᠦᠷ᠎ᠡ ᠳ᠋ᠦᠩ ᠭᠠᠷᠤᠨ᠎ᠠ ᠭᠡᠵᠦ ᠹᠷᠠᠨᠼᠢ ᠶᠢᠨ ᠮᠠᠯ ᠠᠵᠤ ᠠᠬᠤᠢ ᠶᠢᠨ ᠬᠦᠷᠢᠶᠡᠯᠡᠩ ᠦᠨ ᠠᠵᠢᠯᠲᠠᠨ ᠡᠷᠢᠺ ᠷᠸᠾᠪᠸᠨ ᠲᠠᠶᠢᠯᠪᠤᠷᠢᠯᠠᠵᠤ ᠪᠠᠶᠢᠨ᠎ᠠ᠃ ᠲᠥᠰᠥᠯ ᠦᠷ᠎ᠡ ᠳ᠋ᠦᠩ ᠳᠦ ᠬᠦᠷᠴᠦ ᠴᠢᠳᠠᠪᠠᠯ ᠴᠢᠨᠠᠭᠰᠢᠳᠠ ᠮᠣᠩᠭᠣᠯ ᠤᠯᠤᠰ ᠤᠨ ᠪᠦᠬᠦ ᠠᠶᠢᠮᠠᠭ᠂ ᠰᠤᠮᠤᠨ ᠳᠤ ᠬᠡᠷᠡᠭᠵᠢᠭᠦᠯᠬᠦ ᠪᠡᠷ ᠲᠥᠯᠥᠪᠯᠡᠵᠡᠢ᠃

ᠰᠡᠳᠬᠢᠭᠳᠡᠯ ᠦᠯᠡᠳᠡᠭᠡᠬᠦ