ᠵᠠᠰᠠᠭ ᠤᠨ ᠭᠠᠵᠠᠷ ᠤᠨ ᠮᠡᠳᠡᠯ ᠳᠦ ᠪᠠᠶᠢᠳᠠᠭ ᠰᠠᠩ ᠤᠳ ᠤᠨ ᠮᠥᠩᠭᠥᠨ ᠦ ᠵᠠᠷᠤᠴᠠᠭᠤᠯᠤᠯᠲᠠ ᠳᠤ ᠰᠢᠯᠭᠠᠯᠲᠠ ᠣᠷᠣᠭᠤᠯᠤᠭᠰᠠᠨ᠃ ᠡᠨᠡ ᠳᠠᠭᠠᠤ ᠵᠠᠰᠠᠭ ᠤᠨ ᠭᠠᠵᠠᠷ ᠤᠨ 29 ᠰᠠᠩ ᠳᠡᠭᠡᠷ᠎ᠡ ᠠᠪᠬᠤ ᠠᠷᠭ᠎ᠠ ᠬᠡᠮᠵᠢᠶᠡᠨ ᠦ ᠰᠠᠨᠠᠯ ᠢᠶᠠᠨ ᠰᠠᠩ ᠤᠨ ᠶᠠᠮᠤᠨ ᠪᠤᠯᠪᠠᠰᠤᠷᠠᠭᠤᠯᠤᠭᠰᠠᠨ ᠪᠠᠶᠢᠨ᠎ᠠ᠃ ᠨᠡᠯᠢᠶᠡᠳ ᠬᠡᠳᠦᠨ ᠰᠠᠩ ᠢ ᠲᠠᠲᠠᠨ ᠪᠠᠭᠤᠯᠭᠠᠬᠤ ᠪᠠᠷ ᠲᠥᠯᠥᠪᠯᠡᠵᠦ ᠪᠠᠶᠢᠭ᠎ᠠ ᠲᠠᠯ᠎ᠠ ᠪᠠᠷ ᠰᠠᠩ ᠤᠨ ᠰᠠᠶᠢᠳ ᠴ∙ᠬᠦᠷᠪᠡᠯᠪᠠᠭᠠᠲᠤᠷ ᠥᠨᠥᠳᠥᠷ ᠮᠡᠳᠡᠭᠳᠡᠯ᠎ᠡ᠃
ᠲᠡᠷᠡ ᠪᠡᠷ᠄ ᠵᠢᠵᠢᠭ ᠳᠤᠮᠳᠠ ᠦᠢᠯᠡᠳᠪᠦᠷᠢ ᠶᠢ ᠬᠥᠭᠵᠢᠭᠦᠯᠬᠦ ᠵᠣᠷᠢᠯᠭ᠎ᠠ ᠪᠠᠷ ᠣᠯᠭᠤᠵᠤ ᠪᠠᠶᠢᠭ᠎ᠠ ᠵᠢᠭᠡᠯᠡ ᠶᠢᠨ ᠠᠷᠭ᠎ᠠ᠂ ᠰᠢᠰᠲ᠋ᠧᠮ ᠨᠢ ᠪᠤᠷᠤᠭᠤ ᠪᠠᠶᠢᠨ᠎ᠠ᠃ ᠲᠠᠲᠠᠪᠤᠷᠢ ᠲᠥᠯᠦᠭᠴᠢᠳ ᠦᠨ ᠮᠥᠩᠭᠥ ᠶᠢ ᠦᠷ᠎ᠡ ᠠᠰᠢᠭ ᠲᠠᠢ ᠪᠠᠷ ᠵᠠᠷᠤᠴᠠᠭᠤᠯᠬᠤ ᠶᠣᠰᠣᠲᠠᠢ᠃ ᠰᠠᠩ ᠤᠳ ᠤᠨ ᠦᠢᠯᠡ ᠠᠵᠢᠯᠯᠠᠭ᠎ᠠ ᠶᠢ ᠢᠯᠡ ᠲᠣᠳᠣ ᠪᠣᠯᠭᠠᠬᠤ ᠱᠠᠭᠠᠷᠳᠠᠯᠭ᠎ᠠ ᠲᠠᠢ᠃ ᠰᠠᠩ ᠤᠳ ᠳᠡᠭᠡᠷ᠎ᠡ ᠮᠠᠰᠢ ᠶᠡᠬᠡ ᠬᠡᠮᠵᠢᠶᠡᠨ ᠦ ᠮᠥᠩᠭᠥ ᠪᠤᠢ᠃ ᠵᠢᠵᠢᠭ ᠳᠤᠮᠳᠠ ᠦᠢᠯᠡᠳᠪᠦᠷᠢ ᠶᠢ ᠬᠥᠭᠵᠢᠭᠦᠯᠬᠦ ᠰᠠᠩ᠍ ᠦᠨ 340 ᠲᠡᠷᠪᠤᠮ ᠲᠥᠭᠥᠷᠢᠭ ᠪᠠᠶᠢᠭ᠎ᠠ᠂ ᠪᠤᠰᠤᠳ ᠡᠬᠢ ᠡᠭᠦᠰᠪᠦᠷᠢ ᠶᠢᠨ 500 ᠣᠷᠴᠢᠮ ᠲᠡᠷᠪᠤᠮ ᠲᠥᠭᠥᠷᠢᠭ ᠪᠡᠯᠡᠨ ᠪᠠᠶᠢᠭ᠎ᠠ᠃ ᠡᠭᠦᠨ ᠢ ᠪᠡᠨ ᠵᠥᠪ ᠵᠠᠷᠤᠴᠠᠭᠤᠯᠬᠤ ᠰᠠᠨᠠᠯ ᠢ ᠪᠣᠯᠪᠠᠰᠤᠷᠠᠭᠤᠯᠤᠭᠠᠳ᠂ ᠵᠠᠰᠠᠭ ᠤᠨ ᠭᠠᠵᠠᠷ ᠤᠨ ᠬᠤᠷᠠᠯᠳᠤᠭᠠᠨ ᠳᠤ ᠤᠳᠠᠬᠤ ᠦᠭᠡᠢ ᠣᠷᠣᠭᠤᠯᠬᠤ ᠳᠤ ᠪᠡᠯᠡᠨ ᠪᠣᠯᠴᠢᠬᠠᠭᠠᠳ ᠪᠠᠶᠢᠵᠤ ᠪᠠᠶᠢᠨ᠎ᠠ ᠭᠡᠯᠡ᠃ ᠮᠥᠨ ᠰᠡᠳᠬᠦᠯᠴᠢᠳ ᠦᠨ ᠠᠰᠠᠭᠤᠯᠲᠠ ᠳᠤ ᠬᠠᠷᠢᠭᠤᠯᠲᠠ ᠥᠭᠭᠦᠯ᠎ᠡ᠃
-29 ᠰᠠᠩ ᠳᠤ ᠨᠡᠶᠢᠲᠡ ᠬᠡᠴᠢᠨᠡᠨ ᠲᠥᠭᠥᠷᠢᠭ ᠡᠷᠭᠢᠯᠳᠦᠳᠡᠭ ᠪᠤᠢ︖
– ᠵᠠᠷᠢᠮ ᠬᠦᠮᠦᠰ ᠪᠦᠬᠦ ᠰᠠᠩ ᠢ ᠬᠠᠭᠠᠬᠤ ᠶᠣᠰᠣᠲᠠᠢ ᠭᠡᠰᠡᠨ ᠪᠠᠶᠢᠷᠢ ᠰᠠᠭᠤᠷᠢ ᠶᠢ ᠢᠯᠡᠷᠬᠡᠶᠢᠯᠡᠵᠦ᠂ ᠫᠤᠫᠤᠯᠢᠰᠲ ᠶᠠᠭᠤᠮ᠎ᠠ ᠶᠠᠷᠢᠭᠠᠳ ᠪᠠᠶᠢᠭᠰᠠᠨ᠃ ᠭᠡᠲᠡᠯ᠎ᠡ ︽ᠡᠷᠡᠭᠦᠯ ᠮᠡᠨᠳᠦ ᠶᠢᠨ ᠳᠠᠭᠠᠳᠬᠠᠯ ᠤᠨ ᠰᠠᠩ︾᠂ ︽ᠲᠡᠳᠬᠦᠪᠦᠷᠢ ᠶᠢᠨ ᠳᠠᠭᠠᠳᠬᠠᠯ ᠤᠨ ᠰᠠᠩ︾ ᠭᠡᠬᠦ ᠮᠡᠲᠦ ᠴᠢᠬᠤᠯᠠ ᠰᠠᠩ ᠤᠳ ᠪᠠᠶᠢᠭ᠎ᠠ ᠰᠢᠦ ᠳ᠋ᠡ᠃ ᠡᠳᠡᠭᠡᠷ ᠢ ᠵᠤᠭᠰᠤᠭᠠᠬᠤ ᠶᠠᠮᠠᠷ ᠴᠤ ᠪᠣᠯᠤᠮᠵᠢ ᠦᠭᠡᠢ᠃
– ᠵᠢᠵᠢᠭ ᠳᠤᠮᠳᠠ ᠦᠢᠯᠡᠳᠪᠦᠷᠢ ᠶᠢ ᠬᠥᠭᠵᠢᠭᠦᠯᠬᠦ ᠰᠠᠩ᠍ ᠠᠴᠠ ᠠᠪᠤᠭᠰᠠᠨ ᠵᠢᠭᠡᠯᠡ ᠶᠢᠨ ᠡᠵᠡᠳ ᠲᠣᠳᠣᠷᠬᠠᠢ ᠪᠣᠯᠤᠭᠰᠠᠨ᠂ ᠪᠤᠰᠤᠳ ᠰᠠᠩ ᠠᠴᠠ ᠠᠪᠤᠭᠰᠠᠨ ᠮᠥᠩᠭᠥᠨ ᠳᠤ ᠪᠠᠭᠤᠬᠤ ᠡᠵᠡᠳ ᠪᠤᠢ ᠤᠤ ︖
-ᠰᠢᠯᠭᠠᠯᠲᠠ ᠶᠢᠨ ᠳ᠋ᠦᠩ ᠭᠠᠷᠤᠭᠰᠠᠨ ᠤ ᠳᠠᠷᠠᠭ᠎ᠠ ᠪᠢᠳᠡ ᠵᠠᠰᠠᠭ ᠤᠨ ᠭᠠᠵᠠᠷ ᠲᠤ ᠮᠡᠳᠡᠭᠡᠯᠡᠨ᠎ᠡ᠃ ᠳᠠᠷᠠᠭ᠎ᠠ ᠨᠢ ᠣᠯᠠᠨ ᠨᠡᠶᠢᠲᠡ ᠳᠦ ᠢᠯᠡ ᠲᠣᠳᠣ ᠨᠡᠭᠡᠭᠡᠯᠲᠡ ᠲᠡᠢ ᠪᠣᠯᠭᠠᠨ᠎ᠠ᠃
– ᠲᠡᠷᠡ ᠬᠦ ᠮᠥᠩᠭᠥ ᠶᠢ ᠡᠷᠭᠢᠵᠦ ᠲᠥᠪᠯᠡᠷᠡᠭᠦᠯᠬᠦ ᠨᠠᠶᠢᠳᠠᠪᠤᠷᠢ ᠬᠢᠷᠢ ᠪᠠᠶᠢᠭ᠎ᠠ ᠪᠤᠢ︖
-ᠠᠪᠴᠤ ᠯᠠ ᠲᠠᠭᠠᠷᠠᠨ᠎ᠠ᠃