︽ᠡᠷᠳᠡᠨᠢᠰ ᠤᠭ᠍ᠶᠤᠲᠤᠯᠤᠭᠠᠢ︾  ᠶᠢᠨ ᠵᠠᠬᠢᠷᠤᠯ ᠢᠶᠠᠷ ᠲᠦᠮᠡᠨᠴᠣᠭᠲᠤ ᠶᠢ ᠲᠤᠮᠢᠯᠠᠪᠠ | News.MN

︽ᠡᠷᠳᠡᠨᠢᠰ ᠤᠭ᠍ᠶᠤᠲᠤᠯᠤᠭᠠᠢ︾  ᠶᠢᠨ ᠵᠠᠬᠢᠷᠤᠯ ᠢᠶᠠᠷ ᠲᠦᠮᠡᠨᠴᠣᠭᠲᠤ ᠶᠢ ᠲᠤᠮᠢᠯᠠᠪᠠ

︽ᠡᠷᠳᠡᠨᠢᠰ ᠤᠭ᠍ᠶᠤᠲᠤᠯᠤᠭᠠᠢ︾ ᠶᠢᠨ ᠭᠦᠢᠴᠡᠳᠭᠡᠬᠦ ᠵᠠᠬᠢᠷᠤᠯ ᠢᠶᠠᠷ ᠠᠵᠢᠯᠯᠠᠵᠤ ᠪᠠᠶᠢᠭᠰᠠᠨ ᠪ∙ᠮᠥᠩᠬᠡᠪᠠᠭᠠᠲᠤᠷ ᠪᠠᠷᠢᠯᠭ᠎ᠠ ᠬᠣᠲᠠ ᠪᠠᠶᠢᠭᠤᠯᠤᠯᠲᠠ ᠶᠢᠨ ᠳᠡᠳ᠋ ᠰᠠᠶᠢᠳ ᠢᠶᠠᠷ ᠲᠣᠮᠢᠯᠠᠭᠳᠠᠭᠰᠠᠨ ᠲᠠᠢ ᠬᠣᠯᠪᠣᠭᠳᠠᠭᠤᠯᠤᠨ ᠲᠡᠭᠦᠨ ᠦ ᠣᠷᠣᠨ ᠳᠤ ᠼ∙ᠲᠦᠮᠡᠨᠴᠣᠭᠲᠤ ᠶᠢ ᠲᠣᠮᠢᠯᠠᠭᠰᠠᠨ ᠪᠠᠶᠢᠨ᠎ᠠ᠃
ᠼ∙ᠲᠦᠮᠡᠨᠴᠣᠭᠲᠤ ᠨᠢ 2001-2004 ᠣᠨ ᠳᠤ ᠳᠡᠳ᠋ ᠪᠦᠲᠦᠴᠡ ᠶᠢᠨ ᠶᠠᠮᠤᠨ ᠤ ᠲᠦᠯᠡᠰᠢ᠂ ᠡᠷᠴᠢᠮ ᠬᠦᠴᠦᠨ ᠦ ᠪᠣᠳᠣᠯᠭ᠎ᠠ ᠬᠠᠷᠢᠭᠤᠴᠠᠭᠰᠠᠨ ᠮᠡᠷᠭᠡᠵᠢᠯᠲᠡᠨ᠂ 2004-2005 ᠣᠨ ᠳᠤ ᠡᠷᠴᠢᠮ ᠬᠦᠴᠦᠨ ᠦ ᠵᠣᠬᠢᠴᠠᠭᠤᠯᠬᠤ ᠬᠣᠷᠢᠶᠠᠨ ᠤ ᠵᠣᠬᠢᠴᠠᠭᠤᠯᠤᠭᠴᠢ᠂ 2005-2006 ᠣᠨ ᠳᠤ ᠲᠦᠯᠡᠰᠢ᠂ ᠡᠷᠴᠢᠮ ᠬᠦᠴᠦᠨ ᠦ ᠰᠠᠶᠢᠳ ᠤᠨ ᠵᠥᠪᠯᠡᠬᠦ᠂ 2006-2007 ᠣᠨ ᠳᠤ ᠲᠦᠯᠡᠰᠢ᠂ ᠡᠷᠴᠢᠮ ᠬᠦᠴᠦᠨ ᠦ ᠶᠠᠮᠤᠨ ᠤ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ ᠬᠠᠷᠢᠭᠤᠴᠠᠭᠰᠠᠨ ᠳᠠᠷᠤᠭ᠎ᠠ᠂ 2007-2011 ᠣᠨ ᠨᠤᠭᠤᠳ ᠲᠤ ᠳᠡᠯᠡᠬᠡᠢ ᠶᠢᠨ ᠪᠠᠩᠬᠢᠨ ᠤ ᠳᠡᠳ᠋ ᠪᠦᠲᠦᠴᠡ ᠶᠢᠨ ᠠᠰᠠᠭᠤᠳᠠᠯ ᠬᠠᠷᠢᠭᠤᠴᠠᠭᠰᠠᠨ ᠠᠬᠠᠯᠠᠬᠤ ᠮᠡᠷᠭᠡᠵᠢᠯᠲᠡᠨ᠂ ᠲᠥᠰᠥᠯ ᠦᠨ ᠤᠳᠤᠷᠢᠳᠤᠭᠴᠢ ᠪᠠᠷ ᠠᠵᠢᠯᠯᠠᠵᠤ ᠪᠠᠶᠢᠵᠠᠢ᠃ ᠮᠥᠨ ᠲᠡᠷᠡᠪᠡᠷ 2016 ᠣᠨ ᠤ ᠶᠢᠰᠦᠳᠦᠭᠡᠷ ᠰᠠᠷ᠎ᠠ ᠠᠴᠠ ᠬᠣᠶᠢᠰᠢ ︽ᠡᠷᠳᠡᠨᠢᠰ ᠮᠣᠩᠭᠣᠯ︾  ᠺᠤᠮᠫᠠᠨᠢ ᠶᠢᠨ ᠶᠡᠷᠦᠩᠬᠡᠢ ᠵᠠᠬᠢᠷᠤᠯ ᠢᠶᠠᠷ ᠠᠵᠢᠯᠯᠠᠵᠤ ᠪᠠᠶᠢᠭᠠᠳ 2018 ᠣᠨ ᠤ ᠵᠢᠷᠭᠤᠳᠤᠭᠠᠷ ᠰᠠᠷ᠎ᠠ ᠳᠤ ᠤᠭ᠍ᠶᠤᠲᠤᠯᠤᠭᠠᠢ ᠺᠣᠮᠫᠠᠨᠢ ᠶᠢᠨ ᠲᠥᠯᠥᠭᠡᠯᠡᠨ ᠤᠳᠤᠷᠢᠳᠬᠤ ᠵᠥᠪᠯᠡᠯ ᠦᠨ ᠭᠡᠰᠢᠭᠦᠨ ᠢᠶᠡᠷ ᠲᠣᠮᠢᠯᠠᠭᠳᠠᠵᠤ ᠪᠠᠶᠢᠭᠰᠠᠨ ᠪᠢᠯᠡ᠃

ᠰᠡᠳᠬᠢᠭᠳᠡᠯ ᠦᠯᠡᠳᠡᠭᠡᠬᠦ