ᠲᠣᠰᠣᠨᠴᠡᠩᠭᠡᠯ ᠰᠤᠮᠤ ᠶᠢᠨ ᠡᠵᠢ ᠨᠠᠷ ︽ᠰᠦᠨ ᠰᠠᠴᠤᠯᠢ︾ ᠡᠷᠭᠦᠯ᠎ᠡ | News.MN

ᠲᠣᠰᠣᠨᠴᠡᠩᠭᠡᠯ ᠰᠤᠮᠤ ᠶᠢᠨ ᠡᠵᠢ ᠨᠠᠷ ︽ᠰᠦᠨ ᠰᠠᠴᠤᠯᠢ︾ ᠡᠷᠭᠦᠯ᠎ᠡ

ᠬᠥᠪᠰᠥᠭᠥᠯ ᠠᠶᠢᠮᠠᠭ ᠤᠨ ᠲᠣᠰᠣᠨᠴᠡᠩᠭᠡᠯ ᠰᠤᠮᠤ ᠶᠢᠨ ᠡᠷᠡᠭᠦᠯ ᠮᠡᠨᠳᠦ ᠶᠢᠨ ᠲᠥᠪ ᠡᠴᠡ ᠬᠠᠪᠤᠷ ᠤᠨ ᠡᠬᠢᠨ ᠰᠠᠷ᠎ᠠ ᠶᠢᠨ ᠰᠢᠨ᠎ᠡ ᠶᠢᠨ 8 ᠍ ᠳᠦ ᠥᠷᠯᠥᠭᠡᠨ ᠦ ᠨᠠᠷᠠ ᠮᠠᠨᠳᠤᠬᠤ ᠦᠶ᠎ᠡ ᠪᠡᠷ ᠵᠠᠮ ᠲᠡᠭᠡᠭᠡᠪᠦᠷᠢ ᠶᠢᠨ ᠪᠣᠯᠤᠨ ᠠᠬᠤᠢ ᠶᠢᠨ ᠣᠰᠣᠯ ᠭᠡᠮᠲᠦᠯ ᠡᠴᠡ ᠰᠡᠷᠭᠡᠶᠢᠯᠡᠬᠦ᠂ ᠬᠦᠮᠦᠨ ᠠᠮᠠ ᠶᠢᠨ ᠮᠡᠳᠡᠯᠭᠡ ᠬᠠᠨᠳᠤᠯᠭ᠎ᠠ ᠶᠢ ᠥᠭᠡᠷᠡᠴᠢᠯᠡᠬᠦ᠂ ᠮᠣᠩᠭᠣᠯ ᠵᠠᠩ ᠦᠢᠯᠡ ᠶᠢ ᠰᠡᠷᠭᠦᠭᠡᠬᠦ᠂ ᠬᠠᠩᠭᠠᠢ ᠳᠡᠯᠡᠬᠡᠢ᠂ ᠨᠤᠲᠤᠭ ᠤᠰᠤ ᠪᠠᠨ ᠳᠡᠭᠡᠳᠦᠯᠡᠨ ᠬᠦᠨᠳᠦᠳᠭᠡᠬᠦ ᠵᠣᠷᠢᠯᠭ᠎ᠠ ᠪᠠᠷ ︽ᠰᠦᠨ ᠰᠠᠴᠤᠯᠢ︾ ᠡᠷᠭᠦᠬᠦ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠪᠠ᠃
ᠲᠤᠰ ᠠᠷᠭ᠎ᠠ ᠬᠡᠮᠵᠢᠶᠡᠨ ᠳᠦ ᠲᠣᠰᠣᠨᠴᠡᠩᠭᠡᠯ ᠰᠤᠮᠤ ᠶᠢᠨ ᠡᠵᠢ ᠨᠠᠷ᠂ ᠰᠤᠮᠤ ᠣᠷᠣᠨ ᠨᠤᠲᠤᠭ ᠤᠨ ᠤᠳᠤᠷᠢᠳᠤᠯᠭ᠎ᠠ᠂  ᠭᠠᠨᠳᠠᠨ ᠤ ᠯᠠᠮᠠ ᠨᠠᠷ ᠪᠣᠯᠤᠨ ᠨᠤᠲᠤᠭ ᠤᠨ ᠢᠷᠭᠡᠳ ᠬᠦᠷᠦᠯᠴᠡᠨ ᠢᠷᠡᠵᠦ ᠭᠠᠬᠠᠢ ᠵᠢᠯ ᠳᠦ ᠪᠡᠨ ᠡᠷᠡᠭᠦᠯ ᠰᠠᠷᠠᠭᠤᠯ᠂ ᠡᠩᠬᠡ ᠲᠤᠩᠬ᠎ᠠ᠂ ᠶᠠᠭᠤ ᠰᠠᠨᠠᠭᠰᠠᠨ ᠶᠢᠰᠦᠨ ᠴᠠᠭᠠᠨ ᠬᠦᠰᠡᠯ ᠨᠢ ᠪᠡᠶᠡᠯᠡᠵᠦ ᠶᠠᠪᠤᠬᠤ ᠶᠢ ᠪᠡᠯᠭᠡᠳᠡᠨ ᠰᠦᠨ ᠰᠠᠴᠤᠯᠢ ᠡᠷᠭᠦᠯ᠎ᠡ᠃ ᠬᠥᠪᠰᠥᠭᠥᠯ ᠠᠶᠢᠮᠠᠭ ᠨᠡᠶᠢᠰᠯᠡᠯ ᠬᠣᠲᠠ ᠲᠠᠢ ᠬᠠᠲᠠᠭᠤ ᠬᠤᠴᠢᠯᠲᠠ ᠲᠠᠢ ᠵᠠᠮ ᠢᠶᠠᠷ ᠬᠤᠯᠪᠤᠭᠳᠠᠭᠰᠠᠨ ᠠᠴᠠ ᠬᠣᠶᠢᠰᠢ ᠵᠠᠮ ᠲᠡᠭᠡᠭᠡᠪᠦᠷᠢ ᠶᠢᠨ ᠣᠰᠣᠯ᠂ ᠬᠡᠷᠡᠭ ᠨᠡᠮᠡᠭᠳᠡᠵᠦ ᠲᠣᠰᠣᠨᠴᠡᠩᠭᠡᠯ ᠮᠥᠷᠡᠨ ᠰᠤᠮᠤ ᠶᠢᠨ ᠬᠣᠭᠣᠷᠣᠨᠳᠣᠬᠢ ᠬᠠᠲᠠᠭᠤ ᠬᠤᠴᠢᠯᠲᠠ ᠲᠠᠢ ᠵᠠᠮ ᠳᠤ 10 ᠭᠠᠷᠤᠢ ᠢᠷᠭᠡᠨ ᠠᠦ᠋ᠲ᠋ᠣ᠋ ᠣᠰᠣᠯ ᠤᠨ ᠤᠯᠠᠮ ᠠᠴᠠ ᠠᠮᠢ ᠨᠠᠰᠤ ᠪᠠᠨ ᠠᠯᠳᠠᠭᠰᠠᠨ ᠪᠠᠶᠢᠨ᠎ᠠ᠃ ᠡᠶᠢᠮᠦ ᠡᠴᠡ ᠲᠣᠰᠣᠨᠴᠡᠩᠭᠡᠯ ᠰᠤᠮᠤ ᠶᠢᠨ ᠡᠷᠡᠭᠦᠯ ᠮᠡᠨᠳᠦ ᠶᠢᠨ ᠲᠥᠪ ᠡᠴᠡ ᠡᠨᠡ ᠡᠳᠦᠷ ᠨᠤᠲᠤᠭ ᠤᠨ ᠵᠣᠨ ᠣᠯᠠᠨ ᠡᠵᠢ ᠲᠡᠢ ᠨᠢᠭᠡᠳᠦᠨ ᠠᠯᠲᠠᠨ ᠰᠢᠷ᠎ᠠ ᠵᠠᠮ ᠦᠯᠵᠡᠢ ᠲᠠᠢ ᠪᠠᠶᠢᠬᠤ ᠶᠢ ᠪᠡᠯᠭᠡᠳᠡᠨ ︽ᠰᠦᠨ ᠰᠠᠴᠤᠯᠢ︾ ᠡᠷᠭᠦᠬᠦ ᠠᠷᠭ᠎ᠠ ᠬᠡᠮᠵᠢᠶ᠎ᠡ ᠶᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ ᠪᠣᠯᠵᠠᠢ᠃

ᠰᠡᠳᠬᠢᠭᠳᠡᠯ ᠦᠯᠡᠳᠡᠭᠡᠬᠦ