ᠭ∙ᠽᠠᠨᠳᠠᠨᠰᠢᠲᠠᠷ᠎ᠠ ᠵᠠᠬᠢᠷᠤᠮᠵᠢ ᠭᠠᠷᠭᠠᠯ᠎ᠠ | News.MN

ᠭ∙ᠽᠠᠨᠳᠠᠨᠰᠢᠲᠠᠷ᠎ᠠ ᠵᠠᠬᠢᠷᠤᠮᠵᠢ ᠭᠠᠷᠭᠠᠯ᠎ᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ 2019 ᠣᠨ ᠤ 02 ᠳ᠋ᠤᠭᠠᠷ ᠰᠠᠷ᠎ᠠ ᠶᠢᠨ 04 ᠍ ᠦ ᠡᠳᠦᠷ 33 ᠳ᠋ᠤᠭᠠᠷ ᠲᠠᠢ ᠵᠠᠬᠢᠷᠤᠮᠵᠢ ᠭᠠᠷᠭᠠᠨ ︽ᠰᠢᠨ᠎ᠡ ᠪᠦᠲᠦᠭᠡᠨ ᠪᠠᠶᠢᠭᠤᠯᠤᠯᠲᠠ︾ ᠳᠤᠮᠳᠠ ᠬᠤᠭᠤᠴᠠᠭᠠᠨ ᠤ ᠵᠣᠷᠢᠯᠲᠠᠲᠤ ᠬᠥᠲᠥᠯᠪᠦᠷᠢ ᠶᠢᠨ ᠬᠡᠷᠡᠭᠵᠢᠯᠲᠡ ᠶᠢ ᠳ᠋ᠦᠩᠨᠡᠵᠦ᠂ ᠰᠠᠨᠠᠯ ᠳ᠋ᠦᠩᠨᠡᠯᠲᠡ ᠭᠠᠷᠭᠠᠨ᠂ ᠬᠥᠲᠥᠯᠪᠦᠷᠢ ᠶᠢᠨ ᠬᠡᠷᠡᠭᠵᠢᠯᠲᠡ ᠶᠢ ᠡᠷᠴᠢᠮᠵᠢᠭᠦᠯᠬᠦ ᠪᠡᠷ ᠵᠠᠰᠠᠭ ᠤᠨ ᠭᠠᠵᠠᠷ ᠲᠤ ᠴᠢᠭᠯᠡᠯ ᠥᠭᠬᠦ ᠡᠭᠦᠷᠭᠡ ᠪᠦᠬᠦᠢ ᠠᠵᠢᠯ ᠤᠨ ᠬᠡᠰᠡᠭ ᠢ ᠪᠠᠶᠢᠭᠤᠯᠤᠭᠰᠠᠨ ᠪᠠᠶᠢᠨ᠎ᠠ᠃ ᠠᠵᠢᠯ ᠤᠨ ᠬᠡᠰᠡᠭ ᠢ ᠤᠯᠤᠰ ᠤᠨ ᠶᠡᠬᠡ ᠬᠤᠷᠠᠯ ᠤᠨ ᠭᠡᠰᠢᠭᠦᠨ ᠰ∙ ᠪᠢᠮᠪᠠᠴᠤᠭᠲᠤ ᠠᠬᠠᠯᠠᠵᠤ᠂ ᠪᠦᠷᠢᠯᠳᠦᠬᠦᠨ ᠳᠦ ᠪᠠᠶᠢᠭᠠᠯᠢ ᠣᠷᠴᠢᠨ ᠬᠦᠨᠡᠰᠦ ᠬᠥᠳᠡᠭᠡ ᠠᠵᠤ ᠠᠬᠤᠢ ᠶᠢᠨ᠂ ᠨᠡᠶᠢᠭᠡᠮ ᠤᠨ ᠪᠣᠳᠣᠯᠭ᠎ᠠ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ ᠤ᠂ ᠲᠥᠰᠥᠪ ᠦᠨ ᠪᠣᠯᠤᠨ ᠡᠳ᠋ ᠍ ᠦᠨ ᠵᠠᠰᠠᠭ ᠤᠨ ᠪᠠᠶᠢᠩᠭᠤ ᠶᠢᠨ ᠬᠣᠷᠢᠶᠠᠳ ᠤᠨ ᠳᠠᠷᠤᠭ᠎ᠠ ᠨᠠᠷ ᠠᠵᠢᠯᠯᠠᠬᠤ ᠶᠤᠮ᠃ ᠲᠡᠭᠦᠨᠴᠢᠯᠡᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠪᠠᠶᠢᠭᠠᠯᠢ ᠣᠷᠴᠢᠨ᠂ ᠬᠣᠲᠠ ᠬᠥᠳᠡᠭᠡ ᠶᠢᠨ ᠬᠥᠭᠵᠢᠯ ᠦᠨ ᠪᠣᠳᠣᠯᠭ᠎ᠠ᠂ ᠠᠭᠠᠷ ᠤᠨ ᠪᠤᠬᠢᠷᠳᠤᠯ ᠤᠨ ᠠᠰᠠᠭᠤᠳᠠᠯ ᠬᠠᠷᠢᠭᠤᠴᠠᠭᠰᠠᠨ ᠵᠦᠪᠯᠡᠬᠦ ᠠᠵᠢᠯ ᠤᠨ ᠬᠡᠰᠡᠭ ᠦᠨ ᠪᠦᠷᠢᠯᠳᠦᠬᠦᠨ ᠳᠦ ᠪᠠᠭᠲᠠᠵᠠᠢ᠃ ᠱᠠᠭᠠᠷᠳᠠᠯᠭ᠎ᠠ ᠲᠠᠢ ᠲᠣᠬᠢᠶᠠᠯᠳᠤᠯ ᠳᠤ ᠬᠣᠯᠪᠣᠭᠳᠠᠬᠤ ᠠᠯᠪᠠᠨ ᠲᠤᠰᠢᠶᠠᠯᠲᠠᠨ᠂ ᠮᠡᠷᠭᠡᠵᠢᠯᠲᠡᠨ ᠢ ᠠᠵᠢᠯ ᠤᠨ ᠬᠡᠰᠡᠭ ᠲᠦ ᠣᠷᠤᠯᠴᠠᠭᠤᠯᠬᠤ ᠪᠥᠭᠡᠳ ᠰᠠᠨᠠᠯ ᠳ᠋ᠦᠩᠨᠡᠯᠲᠡ ᠪᠡᠨ ᠤᠯᠤᠰ ᠤᠨ ᠶᠡᠬᠡ ᠬᠤᠷᠠᠯ ᠤᠨ 2019 ᠣᠨ ᠤ ᠬᠠᠪᠤᠷ ᠤᠨ ᠡᠭᠡᠯᠵᠢᠲᠦ ᠴᠢᠭᠤᠯᠭᠠᠨ ᠤ ᠬᠤᠭᠤᠴᠠᠭᠠᠨ ᠳᠤ ᠲᠠᠨᠢᠯᠴᠠᠭᠤᠯᠬᠤ ᠶᠢ ᠵᠠᠬᠢᠷᠤᠮᠵᠢ ᠪᠠᠷ ᠳᠠᠭᠠᠭᠠᠯᠭᠠᠭᠰᠠᠨ ᠪᠠᠶᠢᠨ᠎ᠠ᠃
ᠮᠣᠩᠭᠣᠯ ᠤᠯᠤᠰ ᠤᠨ ᠬᠡᠮᠵᠢᠶᠡᠨ ᠳᠦ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠢᠶᠡᠷ ᠬᠣᠲᠠ ᠲᠥᠯᠥᠪᠯᠡᠯᠲᠡ᠂ ᠡᠷᠴᠢᠮ ᠬᠦᠴᠦ᠂ ᠢᠨᠵᠧᠨᠧᠷ ᠦᠨ ᠳᠡᠳ᠋ ᠪᠦᠲᠦᠴᠡ᠂ ᠠᠦ᠋ᠲ᠋ᠣ᠋ ᠵᠠᠮ ᠤᠨ ᠰᠦᠯᠵᠢᠶ᠎ᠡ ᠶᠢ ᠣᠯᠠᠨ ᠤᠯᠤᠰ ᠤᠨ ᠵᠢᠱᠢᠭ ᠲᠦ ᠬᠦᠷᠭᠡᠬᠦ᠂ ᠬᠦᠮᠦᠨ ᠠᠮᠠ ᠶᠢᠨ ᠣᠷᠣᠨ ᠰᠠᠭᠤᠴᠠᠨ ᠤ ᠬᠠᠩᠭᠠᠮᠵᠢ ᠶᠢ ᠨᠡᠮᠡᠭᠳᠡᠭᠦᠯᠬᠦ᠂ ᠢᠷᠭᠡᠳ ᠢ ᠠᠵᠢᠯ ᠤᠨ ᠪᠠᠶᠢᠷᠢ ᠪᠠᠷ ᠬᠠᠩᠭᠠᠬᠤ ᠵᠠᠮ ᠢᠶᠠᠷ ᠤᠯᠤᠰ ᠤᠨ ᠬᠡᠮᠵᠢᠶᠡᠨ ᠳᠦ ᠲᠤᠯᠭᠠᠷᠠᠭᠠᠳ ᠪᠠᠶᠢᠭ᠎ᠠ ᠡᠳ᠋ ᠍ ᠦᠨ ᠵᠠᠰᠠᠭ᠂ ᠨᠡᠶᠢᠭᠡᠮ ᠤᠨ ᠪᠡᠷᠬᠡᠰᠢᠶᠡᠯ ᠲᠡᠢ ᠠᠰᠠᠭᠤᠳᠠᠯ ᠤᠳ ᠢ ᠴᠣᠭᠴᠠ ᠪᠠᠷ ᠰᠢᠢᠳᠦᠨ ᠬᠥᠭᠵᠢᠯ ᠢ ᠵᠢᠭᠳᠡ ᠬᠠᠩᠭᠠᠬᠤ᠂ ᠬᠦᠮᠦᠨ ᠠᠮᠠ ᠶᠢᠨ ᠡᠷᠡᠭᠦᠯ᠂ ᠠᠶᠤᠯ ᠦᠭᠡᠢ ᠤᠷᠴᠢᠨ ᠳᠤ ᠠᠮᠢᠳᠤᠷᠠᠬᠤ ᠡᠷᠬᠡ ᠶᠢ ᠨᠢ ᠬᠠᠩᠭᠠᠨ ᠪᠠᠲᠤᠯᠠᠭᠠᠵᠢᠭᠤᠯᠬᠤ ᠵᠣᠷᠢᠯᠭ᠎ᠠ ᠪᠦᠬᠦᠢ ᠳᠡᠭᠡᠷᠡᠬᠢ ᠬᠥᠲᠥᠯᠪᠦᠷᠢ ᠶᠢ ᠤᠯᠤᠰ ᠤᠨ ᠶᠡᠬᠡ ᠬᠤᠷᠠᠯ ᠤᠨ 2010 ᠣᠨ ᠤ 06 ᠳ᠋ᠤᠭᠠᠷ ᠰᠠᠷ᠎ᠠ ᠶᠢᠨ 25 ᠍ ᠤ ᠡᠳᠦᠷ ᠦᠨ 36 ᠳ᠋ᠤᠭᠠᠷ ᠲᠣᠭᠲᠠᠭᠠᠯ ᠢᠶᠠᠷ ᠪᠠᠲᠤᠯᠠᠵᠠᠢ ᠭᠡᠵᠦ ᠤᠯᠤᠰ ᠤᠨ ᠶᠡᠬᠡ ᠬᠤᠷᠠᠯ ᠤᠨ ᠬᠡᠪᠯᠡᠯ ᠮᠡᠳᠡᠭᠡᠯᠡᠯ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠪᠡ᠃

ᠰᠡᠳᠬᠢᠭᠳᠡᠯ ᠦᠯᠡᠳᠡᠭᠡᠬᠦ