ᠡᠭᠡᠯᠵᠢᠲᠦ ᠪᠤᠰᠤ ᠴᠢᠭᠤᠯᠭᠠᠨ  ᠬᠤᠷᠠᠯᠳᠤᠨ᠎ᠠ | News.MN

ᠡᠭᠡᠯᠵᠢᠲᠦ ᠪᠤᠰᠤ ᠴᠢᠭᠤᠯᠭᠠᠨ  ᠬᠤᠷᠠᠯᠳᠤᠨ᠎ᠠ

ᠡᠭᠡᠯᠵᠢᠲᠦ ᠪᠤᠰᠤ ᠴᠢᠭᠤᠯᠭᠠᠨ ᠤ ᠬᠤᠷᠠᠯᠳᠤᠭᠠᠨ ᠪᠣᠯᠬᠤ ᠡᠰᠡᠬᠦ ᠲᠠᠯ᠎ᠠ ᠪᠠᠷ ᠮᠤᠩᠭᠤᠯ ᠠᠷᠠᠳ ᠤᠨ ᠨᠠᠮ ᠤᠨ ᠪᠦᠯᠦᠭ ᠦᠨ ᠳᠠᠷᠤᠭ᠎ᠠ ᠳ∙ᠲᠣᠭᠲᠠᠬᠤᠰᠦ᠋ᠷᠦᠩ ᠡᠴᠡ ᠲᠣᠳᠣᠷᠠᠭᠤᠯᠬᠤ ᠳᠤ ᠲᠡᠷᠡ ᠪᠡᠷ᠄ ᠤᠯᠤᠰ ᠤᠨ ᠶᠡᠬᠡ ᠬᠤᠷᠠᠯ  ᠢᠷᠡᠬᠦ ᠳᠣᠯᠣᠭ᠎ᠠ ᠬᠣᠨᠣᠭ ᠠᠴᠠ ᠡᠬᠢᠯᠡᠨ ᠭᠤᠷᠪᠠᠳᠤᠭᠠᠷ ᠰᠠᠷ᠎ᠠ ᠶᠢᠨ 5 ᠤ ᠡᠳᠦᠷ ᠢ ᠬᠦᠷᠲᠡᠯ᠎ᠡ ᠬᠡᠳᠦ᠂ ᠬᠡᠳᠦᠨ ᠬᠠᠤᠯᠢ ᠶᠢᠨ ᠲᠦᠰᠦᠯ ᠦᠨ ᠬᠡᠯᠡᠯᠴᠡᠭᠦᠯᠭᠡ ᠵᠣᠬᠢᠶᠠᠨ ᠪᠠᠶᠢᠭᠤᠯᠤᠨ᠎ᠠ᠃ ᠡᠨᠡ ᠪᠣᠯ ᠡᠭᠡᠯᠵᠢᠲᠦ ᠪᠤᠰᠤ ᠴᠢᠭᠤᠯᠭᠠᠨ ᠢ ᠬᠤᠷᠠᠯᠳᠤᠭᠤᠯᠬᠤ ᠪᠡᠯᠡᠳᠬᠡᠯ ᠢ ᠬᠠᠩᠭᠠᠵᠤ ᠪᠤᠢ ᠶᠤᠮ᠃ ᠭᠤᠷᠪᠠᠳᠤᠭᠠᠷ ᠰᠠᠷ᠎ᠠ ᠶᠢᠨ 10 ᠡᠴᠡ ᠡᠭᠡᠯᠵᠢᠲᠦ ᠪᠤᠰᠤ ᠴᠢᠭᠤᠯᠭᠠᠨ ᠬᠤᠷᠠᠯᠳᠤᠬᠤ ᠪᠣᠯᠪᠠ ᠤᠤ ᠭᠡᠵᠦ ᠪᠣᠳᠣᠵᠤ ᠪᠠᠶᠢᠨ᠎ᠠ᠃ ᠬᠡᠯᠡᠯᠴᠡᠬᠦ ᠱᠠᠭᠠᠷᠳᠠᠯᠭ᠎ᠠ ᠲᠠᠢ ᠠᠰᠠᠭᠤᠳᠠᠯ ᠤᠳ ᠨᠡᠯᠢᠶᠡᠨ ᠣᠯᠠᠨ ᠪᠠᠶᠢᠭ᠎ᠠ ᠶᠤᠮ᠃ ᠲᠠᠲᠠᠪᠤᠷᠢ ᠶᠢᠨ ᠪᠠᠭᠴᠠ ᠬᠠᠤᠯᠢ ᠶᠢ ᠶᠠᠭᠠᠷᠠᠯᠲᠠᠢ ᠪᠠᠲᠤᠯᠠᠵᠤ ᠭᠠᠷᠭᠠᠬᠤ ᠱᠠᠭᠠᠷᠳᠠᠯᠭ᠎ᠠ ᠪᠤᠢ᠃  ︽ᠪᠠᠷᠠᠭ᠎ᠠ ᠠᠵᠢᠯ ᠦᠢᠯᠡᠴᠢᠯᠡᠭᠡ᠂ ᠬᠤᠳᠠᠯᠳᠤᠨ ᠠᠪᠬᠤ ᠲᠤᠬᠠᠢ︾ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢ ᠬᠡᠯᠡᠯᠴᠡᠬᠦ ᠦᠭᠡᠢ ᠪᠣᠯ ᠪᠣᠯᠬᠤ ᠦᠭᠡᠢ ᠪᠠᠶᠢᠨ᠎ᠠ᠃ ᠪᠦᠲᠦᠨ ᠵᠢᠯ ᠲᠧᠨᠳᠧᠷ ᠵᠠᠷᠯᠠᠵᠤ ᠮᠠᠷᠭᠤᠭᠠᠨ ᠡᠭᠦᠰᠬᠡᠵᠦ ᠶᠠᠪᠤᠭᠰᠠᠭᠠᠷ ᠪᠠᠶᠢᠲᠠᠯ᠎ᠠ ᠤᠯᠤᠰ ᠤᠨ ᠲᠥᠰᠥᠪ ᠲᠦ ᠡᠭᠦᠰᠦᠭᠰᠡᠨ ᠬᠥᠷᠥᠩᠭᠡ ᠣᠷᠣᠭᠤᠯᠤᠯᠲᠠ ᠶᠢ ᠬᠡᠷᠡᠭᠯᠡᠵᠦ ᠴᠢᠳᠠᠬᠤ ᠦᠭᠡᠢ ᠪᠣᠯᠳᠠᠭ ᠭᠠᠰᠢᠭᠤᠨ ᠲᠤᠷᠰᠢᠯᠭ᠎ᠠ ᠪᠤᠢ᠃ ᠲᠡᠶᠢᠮᠦ ᠡᠴᠡ ᠡᠨᠡ ᠬᠠᠤᠯᠢ ᠶᠢ ᠶᠠᠭᠠᠷᠠᠪᠴᠢᠯᠠᠬᠤ ᠱᠠᠭᠠᠷᠳᠠᠯᠭ᠎ᠠ ᠪᠠᠶᠢᠨ᠎ᠠ᠃ ᠮᠥᠨ ︽ᠰᠣᠩᠭᠣᠭᠤᠯᠢ ᠶᠢᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠠᠰᠠᠭᠤᠳᠠᠯ ᠪᠠᠶᠢᠨ᠎ᠠ᠃ ᠲᠡᠶᠢᠮᠦ ᠡᠴᠡ ᠡᠭᠡᠯᠵᠢᠲᠦ ᠪᠤᠰᠤ ᠴᠢᠭᠤᠯᠭᠠᠨ ᠢ ᠭᠤᠷᠪᠠᠳᠤᠭᠠᠷ ᠰᠠᠷ᠎ᠠ ᠭᠠᠷᠭᠠᠨ ᠬᠤᠷᠠᠯᠳᠤᠭᠤᠯᠤᠭᠠᠳ ᠦᠷᠭᠦᠯᠵᠢᠯᠡᠭᠦᠯᠦᠨ ᠬᠠᠪᠤᠷ ᠤᠨ ᠴᠢᠭᠤᠯᠭᠠᠨ ᠢ ᠬᠤᠷᠠᠯᠳᠤᠭᠤᠯᠬᠤ ᠪᠣᠯᠪᠠ ᠤᠤ ᠭᠡᠰᠡᠨ ᠲᠥᠰᠥᠭᠡᠯᠡᠯ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ