350 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠣᠯᠭᠤᠨ᠎ᠠ | News.MN

350 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠣᠯᠭᠤᠨ᠎ᠠ

ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ︽ᠮᠢᠩᠭᠠᠨ ᠤ ᠰᠣᠷᠢᠯᠲᠠ ᠶᠢᠨ ᠺᠤᠷᠫᠤᠷᠠᠼ︾ ᠤᠨ ᠤᠰᠤᠨ ᠤ ᠠᠰᠠᠭᠤᠳᠠᠯ ᠬᠠᠷᠢᠭᠤᠴᠠᠭᠰᠠᠨ ᠠᠬᠠᠯᠠᠬᠤ ᠵᠠᠬᠢᠷᠤᠯ ᠺᠦ᠋ᠮᠠᠷ ᠷᠠᠩᠭᠠᠨᠠᠲ᠋ᠠᠨ ᠢ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠪᠠᠷ ᠲᠠᠯ᠎ᠠ ᠨᠤᠭᠤᠳ ᠮᠣᠩᠭᠣᠯ ᠤᠯᠤᠰ᠂ ︽ᠮᠢᠩᠭᠠᠨ ᠤ ᠰᠣᠷᠢᠯᠲᠠ ᠶᠢᠨ ᠺᠤᠷᠫᠤᠷᠠᠼ︾᠍ ᠦᠨ ᠺᠣᠮᠫᠠᠺᠲ ᠭᠡᠷ᠎ᠡ ᠶᠢᠨ ᠬᠦᠷᠢᠶᠡᠨ ᠳᠦ ᠬᠡᠷᠡᠭᠵᠢᠭᠦᠯᠬᠦ ᠲᠥᠰᠥᠯ ᠬᠥᠲᠥᠯᠪᠦᠷᠢ ᠨᠢ ᠮᠣᠩᠭᠣᠯ ᠤᠯᠤᠰ ᠤᠨ ᠨᠡᠶᠢᠭᠡᠮ ᠡᠳ᠋  ᠦᠨ ᠵᠠᠰᠠᠭ ᠤᠨ ᠬᠦᠭᠵᠢᠯ  ᠳᠦ ᠤᠷᠲᠤ ᠬᠤᠭᠤᠴᠠᠭᠠᠨ ᠳᠤ ᠨᠥᠯᠥᠭᠡᠯᠡᠬᠦᠶᠢᠴᠡ ᠦᠷ᠎ᠡ ᠳ᠋ᠦᠩ ᠲᠡᠢ᠂ ᠰᠠᠶᠢᠨ ᠲᠤᠷᠰᠢᠯᠭ᠎ᠠ ᠪᠣᠯᠬᠤ ᠶᠣᠰᠣᠲᠠᠢ ᠶᠢ ᠰᠠᠨᠠᠯ ᠨᠢᠭᠡᠲᠡᠢ ᠲᠡᠮᠳᠡᠭᠯᠡᠪᠡ᠃
ᠠᠮᠧᠷᠢᠺᠠ ᠡᠴᠡ ᠮᠣᠩᠭᠣᠯ ᠤᠯᠤᠰ ᠲᠤ 350 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠣᠯᠭᠣᠬᠤ ᠪᠥᠭᠡᠳ ᠡᠨᠡᠬᠦ ᠬᠥᠷᠥᠩᠭᠡ ᠪᠡᠷ ᠤᠯᠠᠭᠠᠨᠪᠠᠭᠠᠲᠤᠷ ᠬᠤᠲᠠ ᠳᠤ ᠭᠦᠨ ᠦ ᠬᠤᠳᠳᠤᠭ ᠭᠠᠷᠭᠠᠬᠤ᠂ ᠰᠠᠷᠠᠯ ᠤᠰᠤ ᠪᠣᠯᠪᠠᠰᠤᠷᠠᠭᠤᠯᠬᠤ ᠦᠢᠯᠡᠳᠪᠦᠷᠢ ᠪᠠᠷᠢᠬᠤ ᠵᠡᠷᠭᠡ ᠲᠥᠰᠥᠯ ᠬᠡᠷᠡᠭᠵᠢᠨ᠎ᠡ᠃

ᠰᠡᠳᠬᠢᠭᠳᠡᠯ ᠦᠯᠡᠳᠡᠭᠡᠬᠦ