ᠬᠡᠦᠬᠡᠳ ᠬᠦᠴᠦᠨᠳᠦᠭᠰᠡᠨ ᠡᠲᠡᠭᠡᠳ ᠢ ᠪᠠᠷᠢᠪᠴᠢᠯᠠᠯ᠎ᠠ | News.MN

ᠬᠡᠦᠬᠡᠳ ᠬᠦᠴᠦᠨᠳᠦᠭᠰᠡᠨ ᠡᠲᠡᠭᠡᠳ ᠢ ᠪᠠᠷᠢᠪᠴᠢᠯᠠᠯ᠎ᠠ

ᠥᠨᠥᠳᠥᠷ ᠥᠷᠯᠥᠭᠡ ᠪᠠᠭ᠎ᠠ ᠨᠠᠰᠤᠨ ᠤ ᠬᠡᠦᠬᠡᠳ ᠬᠦᠴᠦᠨᠳᠦᠵᠤ ᠵᠢᠭᠤᠲᠠᠭᠰᠠᠨ ᠡᠲᠡᠭᠡᠳ ᠢ ᠪᠠᠷᠢᠪᠴᠢᠯᠠᠵᠠᠢ᠃ ᠲᠣᠳᠣᠷᠠᠭᠤᠯᠪᠠᠯ᠂ ᠥᠩᠭᠡᠷᠡᠭᠴᠢ ᠣᠨ ᠤ ᠭᠤᠷᠪᠠᠳᠤᠭᠠᠷ ᠰᠠᠷ᠎ᠠ ᠳᠤ ᠪᠠᠶᠠᠩᠭᠤᠤᠯ ᠳᠡᠭᠦᠷᠭᠡ ᠶᠢᠨ 21᠍ ᠳᠦᠭᠡᠷ ᠬᠣᠷᠢᠶᠠᠨ ᠤ ᠨᠤᠲᠤᠭ ᠳᠡᠪᠢᠰᠬᠡᠷ ᠲᠦ 13 ᠨᠠᠰᠤᠲᠠᠢ N ᠢ ᠬᠦᠴᠦᠨᠳᠦᠭᠰᠡᠨ ᠬᠡᠷᠡᠭ ᠭᠠᠷᠤᠭᠰᠠᠨ ᠪᠢᠯᠡ᠃
ᠤᠭ ᠬᠡᠷᠡᠭ ᠢ ᠦᠢᠯᠡᠳᠦᠭᠰᠡᠨ ᠡᠲᠡᠭᠡᠳ ᠴᠠᠭᠳᠠᠭ᠎ᠠ ᠶᠢᠨ ᠪᠠᠶᠢᠭᠤᠯᠤᠯᠭ᠎ᠠ ᠳᠤ ᠰᠢᠯᠭᠠᠭᠳᠠᠵᠤ ᠪᠠᠶᠢᠬᠤ ᠬᠤᠭᠤᠴᠠᠭᠠᠨ ᠳᠤ ᠪᠠᠨ ᠪᠤᠶᠤ 2018 ᠣᠨ ᠤ ᠵᠢᠷᠭᠤᠳᠤᠭᠠᠷ ᠰᠠᠷ᠎ᠠ ᠶᠢᠨ 4᠍ ᠤ ᠡᠳᠦᠷ ᠣᠷᠭᠣᠨ ᠵᠢᠭᠤᠲᠠᠭᠰᠠᠨ ᠪᠠᠶᠢᠳᠠᠭ᠃ ᠬᠠᠷᠢᠨ ᠦᠨᠦ ᠥᠷᠯᠥᠭᠡ ᠨᠡᠶᠢᠰᠯᠡᠯ ᠦᠨ ᠴᠠᠭᠳᠠᠭ᠎ᠠ ᠶᠢᠨ ᠭᠠᠵᠠᠷ ᠤᠨ ᠮᠥᠷᠳᠡᠨ ᠰᠢᠯᠭᠠᠬᠤ ᠭᠠᠵᠠᠷ ᠤᠨ ᠬᠦᠨᠳᠦ ᠭᠡᠮᠲᠦ ᠬᠡᠷᠡᠭ ᠲᠡᠢ ᠲᠡᠮᠡᠴᠡᠬᠦ ᠬᠡᠯᠲᠡᠰ ᠦᠨ ᠠᠯᠪᠠ ᠬᠠᠭᠠᠭᠴᠢᠳ ᠡᠷᠢᠨ ᠰᠤᠷᠪᠤᠯᠵᠢᠯᠠᠵᠤ ᠤᠯᠠᠮ ᠢᠶᠠᠷ ᠬᠠᠨ-ᠠᠭᠤᠯᠠ ᠳᠡᠭᠦᠷᠭᠡ ᠶᠢᠨ ᠳᠥᠷᠪᠡᠳᠦᠭᠡᠷ ᠬᠣᠷᠢᠶᠠᠨ ᠤ ᠨᠤᠲᠤᠭ ᠳᠡᠪᠢᠰᠬᠡᠷ ᠡᠴᠡ ᠲᠡᠭᠦᠨ ᠢ ᠳᠠᠶᠢᠴᠢᠯᠠᠨ ᠪᠠᠷᠢᠪᠴᠢᠯᠠᠯ᠎ᠠ᠃

ᠰᠡᠳᠬᠢᠭᠳᠡᠯ ᠦᠯᠡᠳᠡᠭᠡᠬᠦ