ᠵᠢᠷᠭᠤᠭᠠᠨ ᠰᠢᠭᠦᠭᠴᠢ ᠶᠢ ᠰᠢᠯᠭᠠᠵᠤ ᠡᠬᠢᠯᠡᠵᠡᠢ | News.MN

ᠵᠢᠷᠭᠤᠭᠠᠨ ᠰᠢᠭᠦᠭᠴᠢ ᠶᠢ ᠰᠢᠯᠭᠠᠵᠤ ᠡᠬᠢᠯᠡᠵᠡᠢ

ᠡᠨᠡ ᠰᠠᠷ᠎ᠠ ᠶᠢᠨ 13  ᠤ ᠡᠳᠦᠷ ᠡᠴᠡ ᠡᠬᠢᠯᠡᠨ ᠨᠡᠷ᠎ᠡ ᠪᠦᠬᠦᠢ ᠵᠢᠷᠭᠤᠭᠠᠨ ᠰᠢᠭᠦᠭᠴᠢ ᠳᠦ ᠠᠪᠯᠢᠭ᠎ᠠ ᠲᠠᠢ  ᠲᠡᠮᠡᠴᠡᠬᠦ᠍ ᠭᠠᠵᠠᠷ ᠠᠴᠠ ᠡᠷᠡᠭᠦᠦ ᠶᠢᠨ ᠬᠡᠷᠡᠭ ᠡᠭᠦᠰᠬᠡᠬᠦ ᠪᠡᠷ ᠬᠡᠷᠡᠭ ᠪᠦᠷᠢᠳᠬᠡᠯ ᠨᠡᠭᠡᠭᠡᠵᠦ ᠂ ᠪᠦᠷᠢᠨ ᠡᠷᠬᠡ ᠶᠢ  ᠨᠢ ᠲᠦᠳᠡᠭᠡᠯᠵᠡᠭᠦᠯᠬᠦ ᠰᠠᠨᠠᠯ ᠢ ᠫᠷᠣᠺᠦ᠋ᠷᠣᠷ ᠤᠨ ᠪᠠᠶᠢᠭᠤᠯᠤᠯᠭ᠎ᠠ ᠳᠤ ᠬᠦᠷᠭᠡᠭᠦᠯᠵᠡᠢ᠃ ᠲᠤᠬᠠᠶᠢᠯᠠᠪᠠᠯ᠂ ᠳᠡᠭᠡᠳᠦ ᠰᠢᠭᠦᠬᠦ ᠶᠢᠨ ᠰᠢᠭᠦᠭᠴᠢ ᠴ∙ᠬᠣᠣᠰᠪᠠᠶᠠᠷ᠂ ᠼ∙ᠠᠮᠤᠷᠰᠠᠶᠢᠬᠠᠨ᠂ ᠳ∙ᠮᠥᠩᠬᠡᠲᠤᠶᠠᠭ᠎ᠠ᠂ ᠵᠠᠬᠢᠷᠭᠠᠨ ᠤ ᠬᠡᠷᠡᠭ ᠦᠨ ᠳᠠᠪᠠᠵᠤ ᠵᠠᠭᠠᠯᠳᠤᠬᠤ ᠱᠠᠲᠤᠨ ᠤ ᠰᠢᠭᠦᠬᠦ ᠶᠢᠨ ᠰᠢᠭᠦᠭᠴᠢ ᠡ᠊∙ᠬᠠᠯᠢᠭᠤᠨᠪᠠᠶᠠᠷ᠂ ᠨᠡᠶᠢᠰᠯᠡᠯ ᠦᠨ ᠵᠠᠬᠢᠷᠭᠠᠨ ᠤ ᠬᠡᠷᠡᠭ ᠦᠨ ᠠᠩᠬᠠᠨ ᠱᠠᠲᠤᠨ ᠤ ᠰᠢᠭᠦᠬᠦ ᠶᠢᠨ ᠰᠢᠭᠦᠭᠴᠢ ᠰ∙ᠲᠡᠮᠦᠷᠪᠠᠲᠤ᠂  ᠪᠠᠶᠠᠩᠭᠤᠤᠯ ᠳᠡᠭᠦᠷᠭᠡ ᠶᠢᠨ ᠢᠷᠭᠡᠨ ᠦ ᠬᠡᠷᠡᠭ ᠦᠨ ᠠᠩᠬᠠᠨ ᠱᠠᠲᠤᠨ ᠤ ᠰᠢᠭᠦᠬᠦ ᠶᠢᠨ ᠰᠢᠭᠦᠭᠴᠢ ᠨ∙ᠬᠠᠩᠭᠠᠯ ᠨᠠᠷ ᠢ ᠠᠪᠯᠢᠭ᠎ᠠ ᠲᠠᠢ ᠲᠡᠮᠡᠴᠡᠬᠦ᠍ ᠭᠠᠵᠠᠷ ᠤᠨ ᠮᠥᠷᠳᠡᠨ ᠰᠢᠯᠭᠠᠬᠤ ᠬᠡᠯᠲᠡᠰ ᠡᠴᠡ ᠰᠢᠯᠭᠠᠬᠤ ᠬᠦᠰᠡᠯᠲᠡ ᠭᠠᠷᠭᠠᠵᠤ ᠪᠠᠶᠢᠨ᠎ᠠ᠃ ᠤᠴᠢᠷ ᠨᠢ ᠲᠡᠳᠡᠨ ᠢ ᠦᠨᠳᠦᠰᠦᠯᠡᠯ ᠦᠭᠡᠢ ᠪᠡᠷ ᠬᠥᠷᠦᠩᠭᠡᠵᠢᠭᠰᠡᠨ ᠪᠠᠶᠢᠵᠤ ᠪᠣᠯᠵᠣᠰᠢ ᠦᠭᠡᠢ ᠭᠡᠵᠦ ᠮᠥᠷᠳᠡᠨ ᠪᠠᠶᠢᠴᠠᠭᠠᠭᠴᠢᠳ ᠦᠵᠡᠵᠦ ᠪᠠᠶᠢᠭ᠎ᠠ ᠪᠥᠭᠡᠳ ᠬᠡᠷᠡᠭ ᠪᠦᠷᠢᠳᠬᠡᠯ ᠳᠦ ᠭᠡᠷ ᠪᠦᠯᠢ ᠶᠢᠨ ᠭᠡᠰᠢᠭᠦᠳ ᠦᠨ ᠬᠢᠨᠢ ᠨᠡᠷ᠎ᠡ ᠳᠡᠭᠡᠷᠡᠬᠢ ᠬᠥᠷᠥᠩᠭᠡ ᠶᠢᠨ ᠡᠬᠢ ᠡᠭᠦᠰᠪᠦᠷᠢ ᠶᠢ ᠲᠣᠳᠣᠷᠠᠭᠤᠯᠵᠤ ᠪᠠᠶᠢᠭ᠎ᠠ ᠠᠵᠠᠢ ᠃

ᠰᠡᠳᠬᠢᠭᠳᠡᠯ ᠦᠯᠡᠳᠡᠭᠡᠬᠦ