ᠬᠣᠰᠢᠭᠤᠴᠢ ᠭᠧᠨᠧᠷᠠᠯ ᠠ᠊∙ᠭᠠᠩᠪᠠᠲᠤ ᠶᠢ ᠨᠡᠷ᠎ᠡ ᠳᠡᠪᠰᠢᠭᠦᠯᠵᠡᠢ | News.MN

ᠬᠣᠰᠢᠭᠤᠴᠢ ᠭᠧᠨᠧᠷᠠᠯ ᠠ᠊∙ᠭᠠᠩᠪᠠᠲᠤ ᠶᠢ ᠨᠡᠷ᠎ᠡ ᠳᠡᠪᠰᠢᠭᠦᠯᠵᠡᠢ

2018 ᠣᠨ ᠤ ᠠᠷᠪᠠᠨ ᠨᠢᠭᠡᠳᠦᠭᠡᠷ ᠰᠠᠷ᠎ᠠ ᠶᠢᠨ 14  ᠤ ᠡᠳᠦᠷ ᠶᠡᠷᠦᠩᠬᠡᠶᠢᠯᠡᠭᠴᠢ ᠬ∙ᠪᠠᠲᠤᠲᠤᠯᠭ᠎ᠠ ᠵᠠᠷᠯᠢᠭ ᠭᠠᠷᠭᠠᠵᠤ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠳᠡᠰᠯᠡᠭᠴᠢ ᠭᠧᠨᠧᠷᠠᠯ ᠳ∙ᠳᠠᠸᠠ ᠶᠢ ᠥᠭᠡᠷ᠎ᠡ ᠠᠵᠢᠯ ᠳᠤ ᠲᠣᠮᠢᠯᠠᠭᠰᠠᠨ ᠲᠠᠢ ᠬᠣᠯᠪᠣᠭᠳᠠᠭᠤᠯᠤᠨ ᠡᠭᠦᠷᠭᠡᠲᠦ ᠠᠵᠢᠯ ᠠᠴᠠ ᠨᠢ ᠴᠢᠯᠦᠭᠡᠯᠡᠭᠰᠡᠨ᠃ ᠡᠭᠦᠨ ᠡᠴᠡ ᠬᠣᠶᠢᠰᠢ ᠨᠢᠭᠡᠳᠦᠭᠡᠷ ᠣᠷᠣᠯᠠᠭᠴᠢ ᠳᠠᠷᠤᠭ᠎ᠠ᠂ ᠬᠣᠰᠢᠭᠤᠴᠢ ᠭᠧᠨᠧᠷᠠᠯ ᠷ∙ᠰᠦᠬᠡᠪᠠᠲᠤ ᠵᠡᠪᠰᠡᠭᠲᠦ ᠬᠦᠴᠦᠨ ᠦ ᠵᠠᠩᠵᠤᠨ ᠱᠲ᠋ᠠᠪ ᠢ ᠲᠦᠷ ᠣᠷᠣᠯᠠᠨ ᠤᠳᠤᠷᠢᠳᠴᠤ ᠪᠠᠶᠢᠨ᠎ᠠ᠃ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠴᠤᠬᠤᠮ ᠬᠡᠨ ᠢ ᠲᠤᠮᠢᠯᠠᠬᠤ ᠪᠣᠯ ᠭᠡᠰᠡᠨ ᠬᠦᠯᠢᠶᠡᠯᠲᠡ ᠣᠯᠠᠨ ᠨᠡᠶᠢᠲᠡ ᠶᠢᠨ ᠳᠤᠮᠳᠠ ᠪᠠᠶᠢᠭᠰᠠᠨ᠃
ᠲᠡᠭᠡᠪᠡᠯ ᠶᠡᠷᠦᠩᠬᠡᠶᠢᠯᠡᠭᠴᠢ ᠬ∙ᠪᠠᠲᠤᠲᠤᠯᠭ᠎ᠠ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠳᠤ ᠬᠣᠰᠢᠭᠤᠴᠢ ᠭᠧᠨᠧᠷᠠᠯ ᠠ᠊∙ᠭᠠᠩᠪᠠᠲᠤ ᠶᠢ ᠨᠡᠷ᠎ᠡ ᠳᠡᠪᠰᠢᠭᠦᠯᠬᠦ ᠰᠠᠨᠠᠯ ᠢ ᠤᠯᠤᠰ ᠤᠨ ᠶᠡᠬᠡ ᠬᠤᠷᠠᠯ ᠳᠦ ᠬᠦᠷᠭᠡᠭᠦᠯᠵᠡᠢ᠃ ᠮᠥᠨ ᠲᠡᠭᠦᠨ ᠦ ᠠᠰᠢᠭ ᠰᠣᠨᠢᠷᠬᠠᠯ ᠤᠨ ᠵᠥᠷᠢᠴᠡᠯ ᠲᠡᠢ ᠡᠰᠡᠬᠦ ᠯᠠᠪᠯᠠᠯᠭ᠎ᠠ ᠶᠢ ᠠᠪᠯᠢᠭ᠎ᠠ ᠲᠠᠢ  ᠲᠡᠮᠡᠴᠡᠬᠦ᠍ ᠭᠠᠵᠠᠷ ᠠᠴᠠ ᠬᠣᠶᠠᠳᠤᠭᠠᠷ ᠰᠠᠷ᠎ᠠ ᠶᠢᠨ 2 ᠤ ᠡᠳᠦᠷ ᠠᠪᠴᠠᠢ᠃ ᠠ᠊∙ᠭᠠᠩᠪᠠᠲᠤ ᠶᠢ  ᠲᠤᠮᠢᠯᠠᠬᠤ  ᠶᠠᠪᠤᠳᠠᠯ  ᠢ ᠡᠭᠡᠯᠵᠢᠲᠦ ᠪᠤᠰᠤ ᠴᠢᠭᠤᠯᠭᠠᠨ ᠡᠰᠡᠪᠡᠯ ᠬᠠᠪᠤᠷ ᠤᠨ ᠴᠢᠭᠤᠯᠭᠠᠨ ᠢᠶᠠᠷ ᠬᠡᠯᠡᠯᠴᠡᠵᠦ ᠮᠠᠭᠠᠳ ᠦᠭᠡᠢ ᠭᠡᠬᠦ ᠮᠡᠳᠡᠭᠡᠯᠡᠯ ᠪᠠᠶᠢᠨ᠎ᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэр 2019-02-18 209.89.142.82

Уул нь гоё харагдаж байна, даанч уншиж чадахгүй болтлоо мартагнаж дээ.