︽ᠠᠪᠤ ᠡᠵᠢ ᠬᠣᠶᠠᠷ ᠮᠢᠨᠢ︾ ᠳᠠᠭᠤᠤ ᠬᠥᠰᠢᠶ᠎ᠡ ᠲᠡᠢ ᠪᠣᠯᠤᠯ᠎ᠠ | News.MN

︽ᠠᠪᠤ ᠡᠵᠢ ᠬᠣᠶᠠᠷ ᠮᠢᠨᠢ︾ ᠳᠠᠭᠤᠤ ᠬᠥᠰᠢᠶ᠎ᠡ ᠲᠡᠢ ᠪᠣᠯᠤᠯ᠎ᠠ

ᠠᠷᠠᠳ ᠤᠨ ᠤᠷᠠᠨ ᠵᠣᠬᠢᠶᠠᠯᠴᠢ ᠲ∙ᠭᠠᠯᠰᠠᠩ ᠤᠨ ᠰᠢᠯᠦᠭ᠂ ᠲᠥᠷᠥ ᠶᠢᠨ ᠱᠠᠩᠨᠠᠯᠲᠤ᠂ ᠤᠷᠠᠯᠢᠭ ᠤᠨ ᠭᠠᠪᠢᠶᠠᠲᠤ ᠵᠢᠳᠬᠦᠯᠲᠡᠨ ᠪ∙ᠰᠢᠷᠠᠪ ᠤᠨ ᠠᠶᠠᠯᠭᠤ ︽ᠠᠪᠤ ᠡᠵᠢ ᠬᠣᠶᠠᠷ ᠮᠢᠨᠢ︾ ᠳᠠᠭᠤᠤ ᠳᠤ ᠵᠣᠷᠢᠭᠤᠯᠤᠭᠰᠠᠨ ᠬᠥᠰᠢᠭᠡᠨ ᠦ ᠨᠡᠭᠡᠭᠡᠯᠲᠡ ᠶᠢ ᠥᠨᠥᠳᠥᠷ ᠬᠢᠯ᠎ᠡ᠃ ᠡᠨᠡᠬᠦ ᠬᠥᠰᠢᠶ᠎ᠡ ᠶᠢ  ᠪᠠᠶᠢᠭᠠᠯᠢ ᠶᠢᠨ ᠲᠡᠦᠬᠡ ᠶᠢᠨ ᠮᠦᠽᠧᠢ ᠶᠢᠨ ᠤᠷᠳᠤ᠂ ᠲᠥᠷᠥ ᠶᠢᠨ ᠲᠤᠰᠬᠠᠢ ᠠᠯᠪᠠᠨ ᠬᠠᠭᠠᠭᠴᠢᠳ ᠤᠨ ᠡᠮᠨᠡᠯᠭᠡ ᠶᠢᠨ ᠵᠡᠭᠦᠨ ᠲᠠᠯ᠎ᠠ ᠳᠤ ᠪᠠᠶᠢᠷᠢᠯᠠᠭᠤᠯᠵᠠᠢ᠃
ᠬᠦᠰᠢᠶᠡᠨ ᠦ ᠨᠡᠭᠡᠭᠡᠯᠲᠡ ᠶᠢᠨ ᠶᠣᠰᠣᠯᠠᠯ ᠳᠤ ᠠᠷᠠᠳ ᠤᠨ ᠤᠷᠠᠨ ᠵᠣᠬᠢᠶᠠᠯᠴᠢ ᠲ∙ᠭᠠᠯᠰᠠᠩ᠂ ᠲᠥᠷᠥ ᠶᠢᠨ ᠱᠠᠩᠨᠠᠯᠲᠤ᠂ ᠤᠷᠠᠯᠢᠭ ᠤᠨ ᠭᠠᠪᠢᠶᠠᠲᠤ ᠵᠢᠳᠬᠦᠯᠲᠡᠨ ᠪ∙ᠰᠢᠷᠠᠪ᠂ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠼ∙ᠨᠢᠮᠠᠳᠣᠷᠵᠢ ᠲᠡᠷᠢᠭᠦᠲᠡᠢ ᠬᠦᠮᠦᠰ ᠣᠷᠣᠯᠴᠠᠭᠰᠠᠨ ᠪᠠᠶᠢᠨ᠎ᠠ᠃ ᠮᠥᠨ ᠡᠨᠡᠬᠦ ᠬᠥᠰᠢᠭᠡᠨ ᠦ ᠨᠡᠭᠡᠭᠡᠯᠲᠡ ᠳᠦ ᠵᠣᠷᠢᠭᠤᠯᠤᠭᠰᠠᠨ ᠲᠣᠭᠯᠠᠯᠲᠠ ᠳᠠᠭᠤᠤᠷᠢ ᠪᠦᠵᠢᠭ ᠦᠨ ᠡᠷᠳᠡᠮ ᠦᠨ ᠲᠢᠶᠠᠲ᠋ᠷ ᠲᠤ ᠪᠣᠯᠵᠠᠢ᠃
︽ᠠᠪᠤ ᠡᠵᠢ ᠬᠣᠶᠠᠷ ᠮᠢᠨᠢ︾ ᠳᠠᠭᠤᠤ ᠲᠥᠷᠦᠭᠰᠡᠨ ᠡᠴᠡ ᠬᠣᠶᠢᠰᠢ 35 ᠵᠢᠯ ᠦᠨ ᠬᠤᠭᠤᠴᠠᠭ᠎ᠠ  ᠦᠩᠭᠡᠷᠡᠴᠢᠬᠡᠭᠰᠡᠨ ᠠᠵᠠᠢ᠃ ᠡᠨᠡᠬᠦ ᠣᠢ ᠳᠤ ᠵᠣᠷᠢᠭᠤᠯᠤᠨ ᠬᠥᠰᠢᠶ᠎ᠡ ᠪᠣᠰᠬᠠᠬᠤ ᠰᠠᠨᠠᠭᠠᠴᠢᠯᠠᠭ᠎ᠠ ᠶᠢ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠼ∙ᠨᠢᠮᠠᠳᠣᠷᠵᠢ ᠠᠩᠬ᠎ᠠ ᠭᠠᠷᠭᠠᠭᠰᠠᠨ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ