ᠡᠨᠡ ᠬᠠᠪᠤᠷ 20 ᠰᠠᠶ᠎ᠠ ᠭᠠᠷᠤᠢ ᠮᠠᠯ ᠲᠥᠯᠯᠡᠨ᠎ᠡ | News.MN

ᠡᠨᠡ ᠬᠠᠪᠤᠷ 20 ᠰᠠᠶ᠎ᠠ ᠭᠠᠷᠤᠢ ᠮᠠᠯ ᠲᠥᠯᠯᠡᠨ᠎ᠡ

ᠡᠨᠡ ᠵᠢᠯ 20 ᠭᠠᠷᠤᠢ ᠰᠠᠶ᠎ᠠ ᠮᠠᠯ ᠲᠥᠯᠯᠡᠨ᠎ᠡ᠃ ᠥᠩᠭᠡᠷᠡᠭᠰᠡᠨ ᠵᠢᠯ 28 ᠰᠠᠶ᠎ᠠ ᠬᠡᠭᠡᠯᠲᠦᠭᠴᠢ ᠮᠠᠯ ᠠᠴᠠ 20 ᠰᠠᠶ᠎ᠠ ᠲᠥᠯ ᠠᠪᠤᠭᠰᠠᠨ᠃ ᠮᠠᠯᠴᠢᠳ ᠤᠨ ᠬᠤᠪᠢ ᠶᠢᠨ ᠪᠡᠯᠡᠳᠬᠡᠯ ᠵᠣᠬᠢᠶᠠᠨ ᠪᠠᠶᠢᠭᠤᠯᠤᠯᠲᠠ ᠦᠭᠡᠢ ᠡᠴᠡ ᠪᠣᠯᠤᠨ ᠪᠠᠶᠢᠭᠠᠯᠢ ᠶᠢᠨ ᠳᠠᠪᠠᠭᠳᠠᠰᠢ ᠦᠭᠡᠢ ᠬᠦᠴᠦᠨ ᠵᠦᠢᠯ ᠡᠴᠡ ᠰᠢᠯᠲᠠᠭᠠᠯᠠᠨ ᠮᠠᠯ ᠤᠨ ᠬᠤᠷᠤᠭᠳᠠᠯ ᠶᠡᠬᠡ ᠲᠡᠢ ᠪᠠᠶᠢᠭᠰᠠᠨ ᠠᠵᠠᠢ᠃
︽ᠡᠨᠡ ᠵᠢᠯ ᠴᠠᠰᠤ ᠮᠠᠰᠢ ᠪᠠᠭ᠎ᠠ ᠣᠷᠣᠭᠰᠠᠨ ᠤᠴᠢᠷ ᠠᠴᠠ ᠬᠠᠪᠤᠷᠵᠢᠯᠲᠠ ᠬᠦᠨᠳᠦᠷᠡᠬᠦ ᠲᠥᠯᠥᠪᠲᠡᠢ ᠪᠠᠶᠢᠨ᠎ᠠ᠃ ᠴᠠᠰᠤ ᠪᠠᠭ᠎ᠠ ᠪᠠᠶᠢᠨ᠎ᠠ ᠭᠡᠳᠡᠭ ᠨᠢ ᠬᠠᠪᠤᠷᠵᠢᠯᠲᠠ ᠶᠢᠨ ᠦᠶ᠎ᠡ ᠳᠦ ᠮᠠᠯ ᠤᠨ ᠠᠮᠠᠨ ᠤ ᠤᠰᠤ ᠬᠦᠨᠳᠦᠷᠡᠨ᠎ᠡ ᠭᠡᠰᠡᠨ ᠦᠭᠡ᠃ ᠥᠨᠥᠳᠥᠷ ᠦᠨ ᠪᠠᠶᠢᠳᠠᠯ ᠢᠶᠠᠷ ᠢᠯᠠᠩᠭᠤᠶ᠎ᠠ ᠭᠣᠪᠢ ᠪᠣᠯᠤᠨ ᠲᠠᠯ᠎ᠠ ᠬᠡᠭᠡᠷ᠎ᠡ ᠶᠢᠨ ᠪᠥᠰᠡ ᠶᠢᠨ ᠠᠶᠢᠮᠠᠭ ᠤᠳ ᠲᠤ ᠴᠠᠰᠤ ᠪᠠᠭ᠎ᠠ ᠣᠷᠣᠭᠰᠠᠨ ᠤᠴᠢᠷ ᠠᠴᠠ ᠮᠠᠯ ᠤᠰᠤ ᠪᠠᠷ ᠳᠤᠲᠠᠭᠳᠠᠨ ᠬᠦᠨᠳᠦᠷᠡᠵᠦ ᠮᠠᠭᠠᠳ ᠦᠭᠡᠢ ᠨᠥᠬᠥᠴᠡᠯ ᠪᠠᠶᠢᠳᠠᠯ ᠡᠭᠦᠰᠦᠭᠡᠳ ᠪᠤᠢ᠃ ᠴᠢᠨᠠᠭᠰᠢᠳᠠ ᠡᠨᠡ ᠪᠠᠶᠢᠳᠠᠯ ᠢᠶᠠᠷ ᠢᠶᠠᠨ ᠭᠤᠷᠪᠠᠨ ᠰᠠᠷ᠎ᠠ ᠲᠠᠢ ᠵᠣᠯᠭᠠᠪᠠᠯ ᠬᠠᠪᠤᠷ ᠤᠨ ᠤᠯᠠᠷᠢᠯ ᠳᠤ ᠰᠠᠯᠬᠢ᠂ ᠰᠢᠷᠤᠢ ᠶᠢᠨ ᠰᠢᠭᠤᠷᠭ᠎ᠠ ᠲᠠᠢ ᠪᠠᠶᠢᠬᠤ ᠲᠥᠯᠥᠪᠲᠡᠢ ᠪᠠᠶᠢᠨ᠎ᠠ︾ ᠭᠡᠵᠦ ᠬᠦᠨᠡᠰᠦ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ  ᠶᠠᠮᠤᠨ᠍ ᠤ ᠮᠠᠯ ᠠᠵᠤ ᠠᠬᠤᠢ ᠶᠢᠨ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠳ∙ᠪᠠᠲᠤᠮᠦ᠋ᠩᠬᠡ ᠲᠣᠳᠣᠳᠬᠠᠵᠠᠢ᠃ ᠰᠠᠨᠠᠭᠤᠯᠬᠤ ᠳᠤ᠂ ᠥᠩᠭᠡᠷᠡᠭᠴᠢ 2018 ᠣᠨ ᠳᠤ ᠤᠯᠤᠰ ᠤᠨ ᠬᠡᠮᠵᠢᠶᠡᠨ ᠳᠦ ᠨᠡᠶᠢᠲᠡ 19.2 ᠰᠠᠶ᠎ᠠ ᠲᠣᠯᠣᠭᠠᠢ ᠮᠠᠯ ᠲᠥᠯᠯᠡᠵᠦ᠂ 18.2 ᠰᠠᠶ᠎ᠠ ᠲᠥᠯ ᠬᠦᠯᠢᠶᠡᠨ ᠠᠪᠤᠭᠰᠠᠨ ᠪᠢᠯᠡ᠃

ᠰᠡᠳᠬᠢᠭᠳᠡᠯ ᠦᠯᠡᠳᠡᠭᠡᠬᠦ