ᠳᠣᠷᠣᠨᠠᠭᠣᠪᠢ ᠠᠶᠢᠮᠠᠭ ᠤᠨ ᠵᠠᠮ ᠤᠨ-ᠡᠭᠦᠳᠡ ᠰᠤᠮᠤ ᠳ᠋ᠡᠬᠢ ᠲᠥᠷᠥ ᠶᠢᠨ ᠪᠠᠶᠢᠭᠤᠯᠤᠯᠭ᠎ᠠ ᠶᠢᠨ ᠡᠷᠬᠡ ᠪᠦᠬᠦᠢ ᠠᠯᠪᠠᠨ ᠲᠤᠰᠢᠶᠠᠯᠲᠠᠳ ᠲᠥᠷᠥ ᠶᠢᠨ ᠪᠠᠶᠢᠭᠤᠯᠤᠯᠭ᠎ᠠ ᠶᠢᠨ ᠥᠮᠴᠢᠯᠡᠯ ᠳᠦ ᠪᠦᠷᠢᠳᠬᠡᠯ ᠲᠡᠢ ᠲᠡᠭᠡᠭᠡᠪᠦᠷᠢ ᠶᠢᠨ ᠬᠡᠷᠡᠭᠰᠡᠯ ᠢ ᠠᠰᠢᠭᠯᠠᠨ ᠵᠠᠮ ᠤᠨ-ᠡᠭᠦᠳᠡ-ᠡᠷᠢᠶᠡᠨ ᠦ ᠪᠣᠭᠣᠮᠲᠠ ᠪᠠᠷ ᠳᠠᠷᠠᠭᠠᠯᠠᠯ ᠦᠭᠡᠢ ᠪᠡᠷ ᠵᠣᠷᠴᠢᠭᠴᠢ᠂ ᠠᠴᠢᠶ᠎ᠠ ᠲᠡᠭᠡᠭᠡᠪᠦᠷᠢᠯᠡᠵᠦ ᠬᠠᠤᠯᠢ ᠪᠤᠰᠤ ᠠᠰᠢᠭ᠂ ᠣᠷᠣᠯᠭ᠎ᠠ ᠣᠯᠵᠤ ᠪᠠᠶᠢᠭ᠎ᠠ ᠶᠢ ᠲᠠᠰᠤᠯᠤᠨ ᠵᠣᠭᠰᠣᠭᠠᠬᠤ ᠶᠢ ᠠᠪᠯᠢᠭ᠎ᠠ ᠲᠠᠢ ᠲᠡᠮᠡᠴᠡᠬᠦ ᠭᠠᠵᠠᠷ ᠠᠴᠠ ᠡᠭᠦᠷᠭᠡ ᠪᠣᠯᠭᠠᠪᠠ᠃ ᠲᠥᠷᠥ ᠶᠢᠨ ᠠᠯᠪᠠᠨ ᠬᠠᠭᠠᠭᠴᠢ᠂ ᠲᠡᠳᠡᠭᠡᠷ ᠦᠨ ᠬᠠᠮᠢᠶᠠᠷᠤᠯ ᠪᠦᠬᠦᠢ ᠡᠲᠡᠭᠡᠳ ᠢ ᠬᠢᠯᠢ ᠪᠡᠷ ᠰᠢᠭᠤᠳ ᠨᠡᠪᠲᠡᠷᠡᠭᠦᠯᠵᠦ ᠳᠠᠪᠠᠭᠤ ᠪᠠᠶᠢᠳᠠᠯ ᠣᠯᠭᠤᠵᠤ ᠪᠠᠶᠢᠭ᠎ᠠ ᠨᠢ ᠤᠯᠤᠰ ᠤᠨ ᠬᠢᠯᠢ ᠪᠡᠷ ᠬᠠᠤᠯᠢ ᠪᠤᠰᠤ ᠡᠳ᠋ ᠵᠦᠢᠯ ᠨᠡᠪᠲᠡᠷᠡᠭᠦᠯᠬᠦ ᠡᠷᠡᠰᠳᠡᠯ ᠡᠴᠡ ᠭᠠᠳᠠᠨ᠎ᠠ ᠠᠰᠢᠭ ᠰᠣᠨᠢᠷᠬᠠᠯ ᠤᠨ ᠵᠥᠷᠢᠴᠡᠯ᠂ ᠠᠪᠯᠢᠭ᠎ᠠ ᠶᠢᠨ ᠭᠡᠮᠲᠦ ᠭᠡᠮᠲᠦ ᠬᠡᠷᠡᠭ ᠦᠢᠯᠡᠳᠦᠭᠳᠡᠬᠦ ᠨᠥᠬᠥᠴᠡᠯ ᠢ ᠪᠦᠷᠢᠳᠦᠭᠦᠯᠵᠦ ᠪᠠᠶᠢᠨ᠎ᠠ᠃
ᠮᠣᠩᠭᠣᠯ ᠤᠯᠤᠰ ᠤᠨ ︽ᠬᠢᠯᠢ ᠶᠢᠨ ᠲᠤᠬᠠᠢ︾ ᠬᠠᠤᠯᠢ ᠶᠢᠨ 29 ᠳ᠋ᠤᠭᠡᠷ ᠵᠦᠢᠯ ᠦᠨ 29.7 ᠍ ᠳᠦ ︽ᠲᠤᠬᠠᠢ ᠶᠢᠨ ᠬᠢᠯᠢ ᠶᠢᠨ ᠪᠤᠭᠤᠮᠲᠠ ᠳᠤ ᠬᠢᠯᠢ ᠶᠢᠨ ᠬᠢᠨᠠᠯᠲᠠ ᠪᠣᠯᠤᠨ ᠲᠠᠩᠨᠠᠭᠤᠯ ᠤᠨ᠂ ᠲᠡᠭᠡᠭᠡᠪᠦᠷᠢ ᠶᠢᠨ ᠪᠠᠶᠢᠭᠤᠯᠤᠯᠭ᠎ᠠ ᠶᠢᠨ ᠲᠥᠯᠥᠭᠡᠯᠡᠯ ᠣᠷᠣᠯᠴᠠᠭᠰᠠᠨ ᠬᠢᠯᠢ ᠶᠢᠨ ᠪᠣᠭᠣᠮᠲᠠ ᠶᠢᠨ ᠵᠥᠪᠯᠡᠯ ᠠᠵᠢᠯᠯᠠᠬᠤ ᠪᠥᠭᠡᠳ ᠬᠢᠯᠢ ᠶᠢᠨ ᠪᠣᠭᠣᠮᠲᠠ ᠶᠢᠨ ᠵᠥᠪᠯᠡᠯ ᠦᠨ ᠳᠠᠷᠤᠭ᠎ᠠ ᠨᠢ ᠬᠢᠯᠢ ᠶᠢᠨ ᠲᠥᠯᠥᠭᠡᠯᠡᠭᠴᠢ ᠪᠠᠶᠢᠨ᠎ᠠ︾᠂ 29.8 ᠍ ᠳᠦ ︽ᠡᠨᠡ ᠬᠠᠤᠯᠢ ᠶᠢᠨ 29.4.5 ᠍ ᠳᠦ ᠵᠢᠭᠠᠭᠰᠠᠨ ᠨᠡᠶᠢᠲᠡᠯᠢᠭ ᠵᠢᠷᠤᠮ ᠳᠤ ᠨᠡᠶᠢᠴᠡᠭᠦᠯᠦᠨ ᠬᠢᠯᠢ ᠶᠢᠨ ᠪᠣᠭᠣᠮᠲᠠ ᠲᠤᠰ ᠪᠦᠷᠢ ᠳᠦ ᠮᠦᠷᠳᠡᠬᠦ ᠵᠢᠷᠤᠮ ᠢ ᠲᠤᠬᠠᠢ ᠶᠢᠨ ᠬᠢᠯᠢ ᠶᠢᠨ ᠪᠣᠭᠣᠮᠲᠠ ᠶᠢᠨ ᠵᠥᠪᠯᠡᠯ ᠦᠨ ᠳᠠᠷᠤᠭ᠎ᠠ ᠪᠠᠲᠤᠯᠠᠨ᠎ᠠ︾ ᠭᠡᠵᠦ ᠵᠢᠭᠠᠭᠰᠠᠨ ᠪᠠᠶᠢᠳᠠᠭ᠃ ᠡᠶᠢᠮᠦ ᠳᠦ ᠳᠣᠷᠣᠨᠠᠭᠣᠪᠢ ᠠᠶᠢᠮᠠᠭ ᠤᠨ ᠵᠠᠮ ᠤᠨ-ᠡᠭᠦᠳᠡ ᠰᠤᠮᠤ ᠳ᠋ᠡᠬᠢ ᠬᠢᠯᠢ ᠶᠢᠨ ᠪᠣᠭᠣᠮᠲᠠ ᠪᠠᠷ ᠲᠤᠰ ᠰᠤᠮᠤ ᠶᠢᠨ ᠲᠥᠷᠥ ᠶᠢᠨ ᠪᠠᠶᠢᠭᠤᠯᠤᠯᠭ᠎ᠠ ᠨᠤᠭᠤᠳ ᠤᠨ ᠥᠮᠴᠢᠯᠡᠯ ᠳᠦ ᠪᠦᠷᠢᠳᠬᠡᠯ ᠲᠡᠢ ᠠᠦ᠋ᠲ᠋ᠤ᠋ ᠮᠠᠰᠢᠨ ᠢᠶᠠᠷ ᠬᠢᠯᠢ ᠪᠡᠷ ᠵᠣᠷᠴᠢᠭᠴᠢ ᠲᠡᠭᠡᠭᠡᠪᠦᠷᠢᠯᠡᠵᠦ ᠪᠤᠢ ᠦᠢᠯᠡ ᠠᠵᠢᠯᠯᠠᠭ᠎ᠠ ᠶᠢ ᠵᠠᠮ ᠤᠨ-ᠡᠭᠦᠳᠡ ᠶᠢᠨ ᠪᠣᠭᠣᠮᠲᠠ ᠶᠢᠨ ᠵᠥᠪᠯᠡᠯ ᠦᠨ ᠡᠷᠬᠡ ᠬᠡᠮᠵᠢᠶᠡᠨ ᠦ ᠬᠦᠷᠢᠶᠡᠨ ᠳᠦ ᠲᠠᠰᠤᠯᠤᠨ ᠵᠣᠭᠰᠣᠭᠠᠵᠤ᠂ ᠬᠠᠤᠯᠢ ᠶᠢᠨ ᠬᠤᠭᠤᠴᠠᠭᠠᠨ ᠳᠤ ᠬᠠᠷᠢᠭᠤ ᠢᠷᠡᠭᠦᠯᠬᠦ ᠡᠭᠦᠷᠭᠡ ᠶᠢ ᠬᠢᠯᠢ ᠶᠢᠨ 0108 ᠳ᠋ᠤᠭᠠᠷ ᠠᠩᠬᠢ ᠶᠢᠨ ᠵᠠᠬᠢᠷᠤᠭᠴᠢ᠂ ᠬᠤᠷᠠᠩᠳᠠ ᠠ᠊∙ᠡᠩᠬᠡᠲ᠋ᠦ᠋ᠷᠦ ᠳᠦ ᠦᠭᠭᠦᠯ᠎ᠡ᠃