ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ 2019 ᠣᠨ ᠤ ᠬᠣᠶᠠᠳᠤᠭᠠᠷ ᠰᠠᠷ᠎ᠠ ᠶᠢᠨ 15-17 ᠳᠤ ᠬᠤᠯᠪᠤᠭᠠᠨ ᠤ ᠪᠦᠭᠦᠳᠡ ᠨᠠᠶᠢᠷᠠᠮᠳᠠᠬᠤ ᠭᠸᠷᠮᠡᠨ ᠤᠯᠤᠰ ᠤᠨ ᠮᠶᠤᠩᠾᠸ᠋ᠨ ᠬᠤᠲᠠ ᠳᠤ ᠪᠣᠯᠵᠤ ᠪᠤᠢ 55 ᠳ᠋ᠡᠬᠢ ᠤᠳᠠᠭ᠎ᠠ ᠶᠢᠨ ᠮᠶᠤᠩᠾᠸ᠋ᠨ ᠦ ᠠᠶᠤᠯ ᠦᠭᠡᠢ ᠪᠠᠶᠢᠳᠠᠯ ᠤᠨ ᠪᠠᠭ᠎ᠠ ᠬᠤᠷᠠᠯ ᠳᠤ ᠣᠷᠣᠯᠴᠠᠭᠰᠠᠨ᠃ ᠡᠨᠡ ᠦᠶ᠎ᠡ ᠪᠡᠷ ᠢᠶᠡᠨ ᠣᠷᠣᠰ ᠤᠨ ᠭᠠᠳᠠᠭᠠᠳᠤ ᠬᠠᠷᠢᠯᠴᠠᠭᠠᠨ ᠤ ᠰᠠᠶᠢᠳ ᠰᠧᠷᠠᠭᠢ ᠯᠠᠪᠠᠷᠤᠪ ᠲᠠᠢ ᠠᠭᠤᠯᠵᠠᠵᠤ ᠂ ︽ᠬᠠᠯᠬ᠎ᠠ ᠭᠣᠣᠯ ᠤᠨ ᠳᠠᠶᠢᠨ︾ ᠳᠤ ᠢᠯᠠᠯᠲᠠ ᠪᠠᠶᠢᠭᠤᠯᠤᠭᠰᠠᠨ ᠤ 80 ᠵᠢᠯ ᠣᠢ ᠶᠢᠨ ᠠᠷᠭ᠎ᠠ ᠬᠡᠮᠵᠢᠶ᠎ᠡ ᠶᠢ ᠲᠡᠮᠳᠡᠭᠯᠡᠨ ᠥᠩᠭᠡᠷᠡᠭᠦᠯᠬᠦ ᠠᠰᠠᠭᠤᠳᠠᠯ ᠢ ᠬᠡᠯᠡᠯᠴᠡᠬᠦ ᠶᠢᠨ ᠵᠡᠷᠭᠡᠴᠡᠭᠡ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠪᠠ᠃