ᠮᠣᠩᠭᠣᠯ  ᠳᠤ ᠰᠠᠭᠤᠬᠤ ᠡᠯᠴᠢᠨ ᠰᠢᠨ᠎ᠡ ᠭᠡᠷ ᠲᠦ ᠪᠡᠨ ᠢᠷᠡᠯ᠎ᠡ | News.MN

ᠮᠣᠩᠭᠣᠯ  ᠳᠤ ᠰᠠᠭᠤᠬᠤ ᠡᠯᠴᠢᠨ ᠰᠢᠨ᠎ᠡ ᠭᠡᠷ ᠲᠦ ᠪᠡᠨ ᠢᠷᠡᠯ᠎ᠡ

ᠠᠮᠧᠷᠢᠺᠠ ᠶᠢᠨ ᠨᠢᠭᠡᠳᠦᠭᠰᠡᠨ ᠤᠯᠤᠰ ᠠᠴᠠ ᠮᠣᠩᠭᠣᠯ ᠤᠯᠤᠰ ᠲᠤ ᠰᠠᠭᠤᠬᠤ ᠡᠯᠴᠢᠨ ᠰᠠᠶᠢᠳ ᠢᠶᠠᠷ ᠲᠣᠮᠢᠯᠠᠭᠳᠠᠭᠰᠠᠨ ᠨᠣᠶᠠᠨ ᠮᠠᠶᠢᠺᠯ ᠺᠯᠧᠴᠧᠰᠺᠢ ᠪᠣᠯᠤᠨ ᠲᠡᠭᠦᠨ ᠦ ᠭᠡᠷᠭᠡᠢ ᠡᠯᠤᠶᠢᠰᠠ ᠥᠴᠥᠭᠡᠳᠦᠷ ᠰᠢᠨ᠎ᠡ ᠭᠡᠷ ᠲᠦ ᠪᠡᠨ ᠢᠷᠡᠯ᠎ᠡ᠃ ᠲᠡᠷᠡ ᠪᠡᠷ ᠴᠢᠨᠠᠭᠰᠢᠳᠠ ᠠᠮᠧᠷᠢᠺᠠ ᠮᠣᠩᠭᠣᠯ ᠤᠯᠤᠰ ᠤᠨ ᠡᠳ᠋ ᠍ ᠦᠨ ᠵᠠᠰᠠᠭ᠂ ᠠᠶᠤᠯ ᠦᠭᠡᠢ ᠪᠠᠶᠢᠳᠠᠯ᠂ ᠢᠷᠭᠡᠳ ᠬᠣᠭᠣᠷᠣᠨᠳᠣ ᠶᠢᠨ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠳᠦ ᠬᠠᠮᠲᠤᠷᠠᠨ ᠠᠵᠢᠯᠯᠠᠬᠤ ᠶᠤᠮ᠃
ᠮᠠᠶᠢᠺᠯ ᠺᠯᠧᠴᠧᠰᠺᠢ ᠨᠢ 2015 ᠣᠨ ᠠᠴᠠ ᠬᠣᠶᠢᠰᠢ ᠹᠢᠯᠢᠫᠢᠨ ᠦ ᠮᠠᠨᠢᠯᠠ ᠳ᠋ᠡᠬᠢ ᠠᠮᠧᠷᠢᠺᠠ ᠶᠢᠨ ᠡᠯᠴᠢᠨ ᠰᠠᠶᠢᠳ ᠤᠨ ᠶᠠᠮᠤᠨ ᠳᠤ ᠪᠠᠶᠢᠩᠭᠤ ᠶᠢᠨ ᠲᠥᠯᠥᠭᠡᠯᠡᠭᠴᠢ ᠪᠡᠷ ᠠᠵᠢᠯᠯᠠᠭᠰᠠᠨ ᠪᠠᠶᠢᠨ᠎ᠠ᠃ ᠲᠡᠷᠡ ᠪᠡᠷ ᠬᠠᠰᠠᠭᠰᠲ᠋ᠠᠨ ᠤ ᠠᠰᠲ᠋ᠠᠨᠠ ᠳ᠋ᠡᠬᠢ ᠠᠮᠧᠷᠢᠺᠠ ᠶᠢᠨ ᠡᠯᠴᠢᠨ ᠰᠠᠶᠢᠳ ᠤᠨ ᠶᠠᠮᠤᠨ ᠂ ᠮᠥᠨ 2013-2015 ᠣᠨ ᠤ ᠬᠣᠭᠣᠷᠣᠨᠳᠣ ᠪᠠᠶᠢᠩᠭᠤ ᠶᠢᠨ ᠲᠥᠯᠥᠭᠡᠯᠡᠭᠴᠢ ᠶᠢᠨ ᠠᠯᠪᠠᠨ ᠲᠤᠰᠢᠶᠠᠯ ᠢ ᠬᠠᠰᠢᠭᠰᠠᠨ ᠪᠥᠭᠡᠳ 30 ᠭᠠᠷᠤᠢ ᠵᠢᠯ ᠠᠽᠢᠶ᠎ᠠ᠂ ᠧᠦ᠋ᠷᠣᠫᠠ ᠶᠢᠨ ᠤᠯᠤᠰ ᠣᠷᠣᠨ ᠨᠤᠭᠤᠳ ᠲᠤ ᠠᠵᠢᠯᠯᠠᠬᠤ ᠳᠤ ᠪᠠᠨ ᠡᠳ᠋ ᠍ ᠦᠨ ᠵᠠᠰᠠᠭ ᠤᠨ ᠬᠥᠭᠵᠢᠯ ᠪᠣᠯᠤᠨ ᠠᠷᠠᠳᠴᠢᠯᠠᠯ ᠤᠨ ᠠᠰᠠᠭᠤᠳᠠᠯ ᠢᠶᠠᠷ ᠮᠡᠷᠭᠡᠰᠢᠭᠰᠡᠨ ᠲᠡᠳᠦᠢ ᠦᠭᠡᠢ ᠬᠡᠴᠡᠭᠦᠦ ᠨᠥᠬᠥᠴᠡᠯ ᠪᠠᠶᠢᠳᠠᠯ ᠳᠤ ᠴᠤ ᠥᠨᠳᠥᠷ ᠤᠷ᠎ᠠ ᠴᠢᠳᠠᠪᠤᠷᠢᠲᠠᠢ ᠠᠵᠢᠯᠯᠠᠳᠠᠭ ᠢᠶᠠᠨ ᠢᠷᠠᠺ ᠲᠤ ᠪᠠᠶᠢᠬᠤ ᠳᠤ ᠪᠠᠨ ᠬᠠᠷᠠᠭᠤᠯᠵᠠᠢ᠃ ᠮᠥᠨ ᠲᠡᠷᠡ ᠪᠡᠷ North Atlantic Treaty Organization ᠪᠣᠯᠤᠨ ᠴᠥᠮ᠎ᠡ ᠶᠢᠨ ᠠᠶᠤᠯ ᠠᠴᠠ ᠤᠷᠢᠳᠴᠢᠯᠠᠨ ᠰᠡᠷᠭᠡᠶᠢᠯᠡᠬᠦ ᠲᠥᠪ ᠲᠦ ᠠᠵᠢᠯᠯᠠᠵᠤ ᠪᠠᠶᠢᠭᠰᠠᠨ ᠲᠤᠷᠰᠢᠯᠭ᠎ᠠ ᠲᠠᠢ᠃

ᠰᠡᠳᠬᠢᠭᠳᠡᠯ ᠦᠯᠡᠳᠡᠭᠡᠬᠦ