ᠤ᠊∙ᠬᠦᠷᠡᠯᠰᠦ᠋ᠬᠡ᠄ ᠰᠣᠶᠣᠨ ᠭᠡᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠶ᠎ᠠ | News.MN

ᠤ᠊∙ᠬᠦᠷᠡᠯᠰᠦ᠋ᠬᠡ᠄ ᠰᠣᠶᠣᠨ ᠭᠡᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠶ᠎ᠠ

ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠰᠠᠨᠠᠭᠠᠴᠢᠯᠠᠭ᠎ᠠ ᠪᠠᠷ ᠥᠩᠭᠡᠷᠡᠭᠰᠡᠨ ᠵᠢᠯ ᠵᠣᠬᠢᠶᠠᠨ ᠪᠠᠶᠢᠭᠤᠯᠤᠭᠰᠠᠨ ︽ᠰᠤᠶᠤᠯ ᠤᠷᠠᠯᠢᠭ ᠤᠨ ᠰᠠᠯᠪᠤᠷᠢ ᠶᠢᠨ ᠥᠨᠥ ᠶᠢᠨ ᠪᠠᠶᠢᠳᠠᠯ᠂ ᠢᠷᠡᠭᠡᠳᠦᠢ ᠶᠢᠨ ᠴᠢᠭ ᠬᠠᠨᠳᠤᠯᠭ᠎ᠠ︾ ᠵᠦᠪᠯᠡᠯᠭᠡᠨ ᠡᠴᠡ ᠰᠤᠶᠤᠯ ᠤᠷᠠᠯᠢᠭ ᠤᠨ ᠦᠨᠳᠦᠰᠦᠨ ᠦ ᠵᠥᠪᠯᠡᠯ ᠪᠠᠶᠢᠭᠤᠯᠬᠤ ᠰᠢᠢᠳᠪᠦᠷᠢ ᠭᠠᠷᠤᠭᠰᠠᠨ᠃ ᠡᠨᠡᠬᠦ ᠵᠥᠪᠯᠡᠯ ᠠᠩᠬᠠᠨ ᠤ ᠬᠤᠷᠠᠯᠳᠤᠭᠠᠨ ᠢᠶᠠᠨ ᠥᠨᠥᠳᠥᠷ ᠬᠢᠵᠦ᠂ ᠵᠣᠷᠢᠯᠭ᠎ᠠ ᠪᠠᠨ ᠲᠣᠳᠣᠷᠬᠠᠶᠢᠯᠠᠵᠤ᠂ ᠠᠵᠢᠯ ᠢᠶᠠᠨ ᠶᠠᠷᠢᠵᠤ ᠬᠡᠯᠡᠯᠴᠡᠯ᠎ᠡ᠃
ᠬᠤᠷᠠᠯᠳᠤᠭᠠᠨ ᠳᠤ ᠶᠡᠷᠦᠩᠬᠡᠢ ᠰᠠᠶᠢᠳ ᠤ᠊∙ᠬᠦᠷᠡᠯᠰᠦ᠋ᠬᠡ ᠤᠷᠤᠯᠴᠠᠵᠤ ᠦᠭᠡ ᠬᠡᠯᠡᠪᠡ᠃ ᠲᠡᠷᠡ ᠪᠡᠷ᠄ ᠮᠠᠨ ᠤ ᠡᠷᠳᠡᠮᠲᠡᠨ᠂ ᠰᠤᠳᠤᠯᠤᠭᠠᠴᠢᠳ ᠥᠨᠥ ᠶᠢᠨ ᠨᠡᠶᠢᠭᠡᠮ ᠳᠦ ᠲᠡᠭᠰᠢ ᠪᠠᠶᠢᠳᠠᠯ᠂ ᠰᠢᠳᠤᠷᠭᠤ ᠶᠣᠰᠣ᠂ ᠰᠠᠬᠢᠯᠭ᠎ᠠ ᠬᠠᠷᠢᠭᠤᠴᠠᠯᠭ᠎ᠠ᠂ ᠳᠢᠭ ᠵᠢᠷᠤᠮ ᠠᠯᠳᠠᠭᠳᠠᠭᠰᠠᠨ ᠲᠠᠢ ᠬᠣᠯᠪᠣᠭ᠎ᠠ ᠲᠠᠢ ᠨᠡᠶᠢᠭᠡᠮ ᠤᠨ ᠰᠡᠳᠬᠢᠯ ᠵᠦᠢ᠂ ᠶᠣᠰᠣ ᠰᠤᠷᠲᠠᠬᠤᠨ ᠤᠷᠤᠭᠤᠳᠠᠨ ᠳᠣᠷᠣᠶᠢᠲᠠᠭᠰᠠᠨ ᠪᠣᠯᠬᠤ ᠶᠢ ᠰᠤᠳᠤᠯᠤᠨ ᠲᠣᠭᠲᠠᠭᠠᠭᠰᠠᠨ᠃ ᠮᠥᠨ ᠤᠯᠤᠰ ᠣᠷᠣᠨ᠂ ᠡᠪᠦᠭᠡ ᠳᠡᠭᠡᠳᠦᠰ ᠦᠨ ᠢᠶᠡᠨ ᠲᠡᠦᠬᠡ᠂ ᠤᠯᠠᠮᠵᠢᠯᠠᠯᠲᠤ ᠥᠪ ᠰᠤᠶᠤᠯ᠂ ᠵᠠᠩ ᠵᠠᠩᠰᠢᠯ᠂ ᠤᠷᠠᠯᠢᠭ ᠢᠶᠠᠨ ᠦᠯᠦ ᠲᠣᠭᠣᠬᠤ᠂ ᠤᠮᠠᠷᠲᠠᠬᠤ᠂ ᠪᠦᠷ ᠦᠭᠡᠶᠢᠰᠭᠡᠬᠦ ᠬᠠᠨᠳᠤᠯᠭ᠎ᠠ ᠴᠤᠬᠤᠯᠵᠠᠵᠤ᠂  ᠭᠠᠳᠠᠨ᠎ᠠ ᠶᠢᠨ ᠺᠢᠨᠣ᠋ ᠤᠷᠠᠯᠢᠭ ᠢᠶᠠᠷ ᠳᠠᠮᠵᠢᠭᠰᠠᠨ ᠦᠵᠡᠯ ᠰᠤᠷᠲᠠᠯ᠂ ᠰᠤᠶᠤᠯ ᠠᠬᠤᠢ ᠳᠤ ᠠᠪᠲᠠᠵᠤ ᠪᠠᠶᠢᠭ᠎ᠠ ᠨᠢ ᠢᠯᠡᠳᠲᠡ ᠠᠩᠵᠠᠭᠠᠷᠠᠭᠳᠠᠬᠤ ᠪᠣᠯᠤᠯ᠎ᠠ᠃ ᠮᠠᠨ ᠤ ᠢᠷᠭᠡᠳ ᠦᠨ ᠣᠶᠤᠨ ᠰᠠᠨᠠᠭᠠᠨ ᠤ ᠳᠠᠷᠬᠠᠯᠠᠭ᠎ᠠ ᠰᠤᠯᠠ ᠪᠠᠶᠢᠨ᠎ᠠ ᠭᠡᠵᠦ ᠪᠢ ᠦᠵᠡᠳᠡᠭ᠃ ᠬᠡᠦᠬᠡᠳ᠂ ᠵᠠᠯᠠᠭᠤᠰ ᠮᠠᠨᠢ ᠦᠭᠡᠷ᠎ᠡ ᠠᠬᠤᠢ ᠰᠤᠶᠤᠯ ᠢ ᠢᠯᠡᠭᠦᠦ ᠰᠢᠲᠦᠵᠦ᠂ ᠳᠠᠭᠠᠨ ᠳᠠᠭᠤᠷᠢᠶᠠᠵᠤ᠂ ᠲᠡᠭᠦᠨ ᠳᠦ ᠠᠪᠲᠠᠵᠤ ᠪᠠᠶᠢᠭ᠎ᠠ ᠳᠤ ᠪᠢ ᠮᠣᠩᠭᠣᠯ ᠬᠦᠮᠦᠨ ᠦ ᠪᠡᠨ ᠬᠤᠪᠢ ᠳᠤ ᠴᠤ᠂ ᠵᠠᠰᠠᠭ ᠤᠨ ᠭᠠᠵᠠᠷ ᠤᠨ ᠲᠡᠷᠢᠭᠦᠨ ᠦ ᠬᠤᠪᠢ ᠳᠤ ᠴᠤ ᠰᠠᠨᠠᠭ᠎ᠠ ᠵᠣᠪᠠᠵᠤ ᠪᠠᠶᠢᠨ᠎ᠠ᠃ ᠲᠡᠭᠦᠨᠴᠢᠯᠡᠨ ᠮᠠᠨ ᠤ ᠠᠷᠠᠳ ᠢᠷᠭᠡᠳ ᠦᠨ ᠥᠨᠥ ᠶᠢᠨ ᠠᠮᠢᠳᠤᠷᠠᠯ ᠤᠨ ᠨᠥᠬᠥᠴᠡᠯ ᠪᠠᠶᠢᠳᠠᠯ᠂ ᠨᠡᠶᠢᠭᠡᠮ ᠳᠦ ᠦᠢᠯᠡᠳᠦᠭᠳᠡᠵᠦ ᠪᠤᠢ ᠭᠡᠮᠲᠦ ᠬᠡᠷᠡᠭ᠂ ᠮᠡᠳᠡᠭᠡᠯᠡᠯ ᠦᠨ ᠬᠡᠷᠡᠭᠰᠡᠯ ᠢᠶᠡᠷ ᠳᠠᠮᠵᠢᠭᠤᠯᠵᠤ ᠪᠠᠶᠢᠭ᠎ᠠ ᠮᠡᠳᠡᠭᠡ᠂ ᠣᠯᠠᠨ ᠲᠦᠮᠡᠨ ᠦ ᠶᠠᠷᠢᠵᠤ ᠬᠡᠯᠡᠵᠦ ᠪᠤᠢ ᠵᠦᠢᠯ ᠨᠢ ᠮᠠᠨ ᠤ ᠨᠡᠶᠢᠭᠡᠮ ᠳᠦ ᠶᠣᠰᠣ ᠰᠤᠷᠲᠠᠬᠤᠨ᠂ ᠶᠣᠰᠣ ᠵᠦᠢ ᠠᠯᠳᠠᠭᠳᠠᠭᠰᠠᠨ ᠪᠣᠯᠬᠤ ᠶᠢ ᠳᠠᠪᠬᠤᠷ ᠨᠣᠲᠠᠯᠠᠵᠤ ᠪᠠᠶᠢᠨ᠎ᠠ᠃
ᠡᠳ᠋ ᠍ ᠦᠨ ᠵᠠᠰᠠᠭ ᠢᠶᠠᠨ ᠥᠭᠡᠳᠡ ᠨᠢ ᠲᠠᠲᠠᠵᠤ ᠦᠭᠡᠳᠡᠷᠬᠡᠭ᠂ ᠰᠠᠶᠢᠬᠠᠨ ᠠᠮᠢᠳᠤᠷᠠᠬᠤ ᠶᠣᠰᠣᠲᠠᠢ ᠴᠤ ᠮᠣᠩᠭᠣᠯ ᠤᠯᠤᠰ ᠤᠨ ᠲᠤᠰᠠᠭᠠᠷ ᠲᠣᠭᠲᠠᠨᠢᠯ ᠤᠨ ᠪᠠᠲᠤᠯᠠᠭ᠎ᠠ ᠪᠣᠯᠤᠭᠰᠠᠨ ᠮᠣᠩᠭᠣᠯ ᠢᠶᠠᠨ ᠭᠡᠰᠡᠨ ᠵᠢᠷᠦᠬᠡ ᠰᠡᠳᠬᠢᠯ ᠲᠡᠢ ᠮᠣᠩᠭᠣᠯ ᠬᠦᠮᠦᠨ ᠢ ᠬᠦᠮᠦᠵᠢᠭᠦᠯᠬᠦ ᠶᠡᠬᠡ ᠦᠢᠯᠡ ᠶᠢ ᠪᠢᠳᠡ ᠮᠠᠷᠲᠠᠨ ᠴᠠᠯᠭᠠᠷᠳᠠᠭᠤᠯᠬᠤ ᠤᠴᠢᠷ ᠦᠭᠡᠢ᠃ ᠲᠠ ᠪᠢᠳᠡ ᠦᠨᠳᠦᠰᠦᠨ ᠦ ᠬᠡᠯᠡ ᠪᠢᠴᠢᠭ᠂ ᠰᠤᠶᠤᠯ ᠲᠡᠦᠬᠡ ᠪᠡᠨ ᠰᠤᠳᠤᠯᠤᠨ ᠮᠡᠳᠡᠭᠰᠡᠨ᠂ ᠣᠶᠤᠨ ᠰᠠᠨᠠᠭᠠᠨ ᠤ ᠤᠯᠠᠮᠵᠢᠯᠠᠯᠲᠤ ᠦᠪ ᠢᠶᠡᠨ ᠡᠷᠬᠢᠮᠯᠡᠨ ᠳᠡᠭᠡᠳᠦᠯᠡᠭᠰᠡᠨ᠂ ᠣᠷᠴᠢᠨ ᠴᠠᠭ ᠤᠨ ᠪᠣᠯᠪᠠᠰᠤᠷᠠᠯ ᠲᠠᠢ᠂ ᠵᠥᠪ ᠬᠠᠨᠳᠤᠯᠭ᠎ᠠ᠂ ᠬᠠᠷᠢᠴᠠᠭ᠎ᠠ ᠲᠠᠢ᠂ ᠴᠢᠳᠠᠪᠤᠷᠢᠯᠢᠭ᠂ ᠪᠦᠲᠦᠭᠡᠯᠴᠢ ᠮᠣᠩᠭᠣᠯ ᠬᠦᠮᠦᠨ ᠢ ᠲᠥᠯᠦᠪᠰᠢᠭᠦᠯᠬᠦ ᠡᠭᠦᠷᠭᠡ ᠬᠦᠯᠢᠶᠡᠭᠰᠡᠨ ᠬᠦᠮᠦᠰ᠃ ᠡᠶᠢᠮᠦ ᠡᠴᠡ ᠣᠯᠠᠨ ᠲᠦᠮᠡᠨ ᠢᠶᠡᠨ ᠰᠣᠶᠣᠨ ᠭᠡᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠶ᠎ᠠ᠃ ᠪᠢ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠬᠤᠪᠢ ᠳᠤ ᠡᠨᠡ ᠶᠡᠬᠡ ᠦᠢᠯᠡᠰ ᠢ ᠬᠡᠷᠡᠭᠵᠢᠭᠦᠯᠬᠦ ᠳᠦ ᠲᠠ ᠪᠦᠭᠦᠳᠡ ᠶᠢ ᠪᠡᠨ ᠬᠠᠮᠲᠤᠷᠠᠨ ᠠᠵᠢᠯᠯᠠᠬᠤ ᠶᠢ  ᠴᠢᠩ ᠰᠡᠳᠬᠢᠯ ᠡᠴᠡ ᠬᠦᠰᠡᠵᠦ ᠪᠠᠶᠢᠨ᠎ᠠ᠃ ᠳᠠᠷᠠᠭ᠎ᠠ ᠶᠢᠨ ᠨᠢᠭᠡ ᠠᠩᠬᠠᠷᠬᠤ ᠵᠦᠢᠯ ᠪᠣᠯ ᠮᠣᠩᠭᠣᠯ ᠲᠦᠮᠡᠨ ᠦ ᠲᠡᠦᠬᠡ᠂ ᠬᠡᠯᠡ ᠪᠢᠴᠢᠭ᠂ ᠶᠡᠬᠡ ᠰᠤᠶᠤᠯ ᠤᠷᠠᠯᠢᠭ ᠤᠨ ᠥᠪ ᠤᠯᠠᠮᠵᠢᠯᠠᠯ ᠢ ᠬᠠᠳᠠᠭᠠᠯᠠᠵᠤ᠂ ᠬᠠᠮᠠᠭᠠᠯᠠᠵᠤ᠂ ᠰᠡᠷᠭᠦᠭᠡᠬᠦ ᠠᠵᠢᠯ ᠶᠤᠮ᠃ ᠳᠡᠯᠡᠬᠡᠢ ᠳ᠋ᠠᠬᠢᠨ ᠳᠤ ᠲᠠᠷᠬᠠᠭᠰᠠᠨ ᠮᠣᠩᠭᠣᠯ ᠤᠨ ᠪᠡᠶᠡᠲᠦ ᠪᠣᠯᠤᠨ ᠪᠡᠶᠡᠲᠦ ᠪᠤᠰᠤ ᠰᠤᠶᠤᠯ ᠤᠨ ᠥᠪ ᠢ ᠰᠤᠳᠤᠯᠤᠨ ᠲᠣᠭᠲᠠᠭᠠᠵᠤ ᠮᠣᠩᠭᠣᠯᠴᠤᠳ ᠤᠨ ᠢᠶᠠᠨ ᠬᠦᠷᠲᠡᠭᠡᠯ ᠪᠣᠯᠭᠠᠬᠤ᠂ ᠶᠤᠨᠧᠰᠺᠤ ᠳᠦ ᠪᠦᠷᠢᠳᠬᠡᠭᠦᠯᠵᠦ  ᠪᠠᠲᠤᠯᠠᠭᠠᠵᠢᠭᠤᠯᠬᠤ ᠬᠡᠷᠡᠭᠲᠡᠢ ᠪᠠᠶᠢᠨ᠎ᠠ᠃ ᠮᠣᠩᠭᠣᠯ ᠬᠦᠮᠦᠨ-ᠮᠣᠩᠭᠣᠯ ᠣᠶᠤᠨ ᠤᠬᠠᠭᠠᠨ-ᠮᠣᠩᠭᠣᠯ ᠤᠨ ᠲᠡᠦᠬᠡ-ᠮᠣᠩᠭᠣᠯ ᠰᠤᠶᠤᠯ-ᠮᠣᠩᠭᠣᠯ ᠤᠷᠠᠯᠢᠭ-ᠮᠣᠩᠭᠣᠯ ᠤᠯᠠᠮᠵᠢᠯᠠᠯ ᠪᠣᠯ ᠤᠯᠤᠰ ᠡᠬᠡ ᠣᠷᠣᠨ ᠤ ᠪᠠᠬᠠᠷᠬᠠᠯ᠂ ᠦᠨᠡᠲᠦ ᠵᠦᠢᠯ ᠪᠠᠶᠢᠬᠤ ᠶᠣᠰᠣᠲᠠᠢ ᠭᠡᠪᠡ᠃

ᠰᠡᠳᠬᠢᠭᠳᠡᠯ ᠦᠯᠡᠳᠡᠭᠡᠬᠦ