ᠲᠡᠮᠡᠭᠡᠨ ᠦ ᠤᠷᠤᠯᠳᠤᠭᠠᠨ ᠢ ᠬᠠᠭᠠᠯᠲᠠᠲᠠᠢ ᠵᠣᠬᠢᠶᠠᠨ ᠪᠠᠶᠢᠭᠤᠯᠤᠨ᠎ᠠ | News.MN

ᠲᠡᠮᠡᠭᠡᠨ ᠦ ᠤᠷᠤᠯᠳᠤᠭᠠᠨ ᠢ ᠬᠠᠭᠠᠯᠲᠠᠲᠠᠢ ᠵᠣᠬᠢᠶᠠᠨ ᠪᠠᠶᠢᠭᠤᠯᠤᠨ᠎ᠠ

ᠡᠮᠦᠨᠡᠭᠣᠪᠢ ᠠᠶᠢᠮᠠᠭ 2019 ᠣᠨ ᠢ ︽ᠬᠥᠳᠡᠭᠡ ᠠᠵᠤ ᠠᠬᠤᠢ ᠦᠢᠯᠡᠳᠪᠦᠷᠢᠵᠢᠯᠲᠡ ᠶᠢᠨ ᠵᠢᠯ︾ ᠪᠣᠯᠭᠠᠨ ᠵᠠᠷᠯᠠᠭᠰᠠᠨ ᠪᠥᠭᠡᠳ ᠤᠭ ᠦᠢᠯᠡ ᠠᠵᠢᠯᠯᠠᠭᠠᠨ ᠤ ᠪᠠᠨ ᠨᠡᠭᠡᠭᠡᠯᠲᠡ ᠶᠢ ᠡᠨᠡ ᠰᠠᠷ᠎ᠠ ᠶᠢᠨ 27᠂ 28᠂ ᠢᠷᠡᠬᠦ ᠰᠠᠷ᠎ᠠ ᠶᠢᠨ ᠨᠢᠭᠡᠨ ᠦ ᠡᠳᠦᠷ ᠦᠳ ᠲᠦ ᠵᠣᠬᠢᠶᠠᠨ ᠪᠠᠶᠢᠭᠤᠯᠬᠤ ᠪᠠᠷ ᠲᠥᠯᠥᠪᠯᠡᠭᠡᠳ ᠪᠠᠶᠢᠭ᠎ᠠ ᠶᠤᠮ᠃ ᠡᠨᠡ ᠦᠶ᠎ᠡ ᠪᠡᠷ ᠪᠣᠯᠬᠤ ᠲᠡᠮᠡᠭᠡᠨ ᠦ ᠤᠷᠤᠯᠳᠤᠭᠠᠨ ᠢ ᠬᠠᠭᠠᠯᠲᠠᠲᠠᠢ ᠵᠣᠬᠢᠶᠠᠨ ᠪᠠᠶᠢᠭᠤᠯᠬᠤ ᠪᠠᠷ ᠰᠢᠢᠳᠪᠦᠷᠢᠯᠡᠭᠰᠡᠨ ᠪᠠᠶᠢᠨ᠎ᠠ᠃ ᠤᠴᠢᠷ ᠨᠢ ᠮᠠᠯ ᠤᠨ ᠬᠠᠯᠳᠠᠪᠤᠷᠢᠲᠤ ᠡᠪᠡᠳᠴᠢᠨ ᠡᠴᠡ ᠤᠷᠢᠳᠴᠢᠯᠠᠨ ᠰᠡᠷᠭᠡᠶᠢᠯᠡᠵᠦ ᠪᠠᠶᠢᠭ᠎ᠠ ᠭᠡᠵᠦ ᠵᠣᠬᠢᠶᠠᠨ ᠪᠠᠶᠢᠭᠤᠯᠤᠭᠴᠢᠳ ᠬᠡᠯᠡᠵᠦ ᠪᠠᠶᠢᠨ᠎ᠠ᠃ ᠲᠡᠶᠢᠮᠦ ᠡᠴᠡ ᠲᠡᠮᠡᠭᠡᠨ ᠦ ᠤᠷᠤᠯᠳᠤᠭᠠᠨ ᠳᠤ ᠵᠥᠪᠬᠡᠨ ᠡᠮᠦᠨᠡᠭᠣᠪᠢ ᠠᠶᠢᠮᠠᠭ ᠤᠨ ᠲᠡᠮᠡᠭᠡ ᠤᠶᠠᠭᠠᠴᠢᠳ ᠤᠷᠤᠯᠴᠠᠬᠤ ᠪᠣᠯᠤᠮᠵᠢ ᠲᠠᠢ ᠪᠣᠯᠤᠯ᠎ᠠ᠃ ᠮᠥᠨ ᠡᠨᠡ ᠦᠶ᠎ᠡ ᠪᠡᠷ ᠲᠡᠮᠡᠭᠡ ᠲᠡᠢ ᠰᠠᠶᠢᠬᠠᠨ ᠬᠣᠣᠰ᠂ ᠰᠢᠯᠢᠮᠡᠯ ᠢᠩᠭᠡ᠂ ᠰᠢᠯᠢᠮᠡᠯ ᠪᠤᠤᠷ᠎ᠠ᠂ ᠮᠠᠯᠴᠢᠳ ᠤᠨ ᠵᠣᠬᠢᠶᠠᠨ ᠪᠠᠶᠢᠭᠤᠯᠬᠤ ᠪᠠᠷ ᠪᠡᠯᠡᠳᠬᠡᠯ ᠠᠵᠢᠯ ᠢ ᠬᠠᠩᠭᠠᠵᠠᠢ᠃
2019 ᠣᠨ ᠡᠮᠦᠨᠡᠭᠣᠪᠢ ᠠᠶᠢᠮᠠᠭ ᠤᠨ ᠬᠡᠮᠵᠢᠶᠡᠨ ᠳᠦ ᠮᠠᠯᠴᠢᠳ ᠢᠷᠭᠡᠳ ᠤᠷᠤᠭᠤ ᠬᠠᠨᠳᠤᠭᠰᠠᠨ ᠬᠥᠷᠥᠩᠭᠡ ᠣᠷᠣᠭᠤᠯᠤᠯᠲᠠ ᠶᠢ ᠡᠷᠴᠢᠮᠵᠢᠭᠦᠯᠦᠭᠰᠡᠨ᠂ ᠦᠢᠯᠡᠳᠪᠦᠷᠢᠯᠡᠯ ᠡᠷᠬᠢᠯᠡᠭᠴᠢᠳ ᠢᠶᠡᠨ ᠳᠡᠮᠵᠢᠭᠰᠡᠨ ᠵᠢᠯ ᠪᠣᠯᠬᠤ ᠨᠢ᠃ ᠮᠢᠬ᠎ᠠ ᠪᠣᠯᠪᠠᠰᠤᠷᠠᠭᠤᠯᠬᠤ ᠦᠢᠯᠡᠳᠪᠦᠷᠢ᠂ ᠬᠦᠨᠡᠰᠦᠨ ᠦ ᠨᠣᠭᠣᠭᠠᠨ ᠤ ᠮᠧᠬᠠᠨᠢᠭᠵᠢᠭᠰᠠᠨ ᠵᠣᠭᠣᠷᠢ ᠵᠡᠷᠭᠡ ᠶᠢ ᠪᠠᠶᠢᠭᠤᠯᠬᠤ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ