ᠬ∙ ᠪᠠᠲᠤᠲᠤᠯᠭ᠎ᠠ ᠳᠥᠷᠪᠡᠳᠦᠭᠡᠷ ᠰᠠᠷ᠎ᠠ ᠳᠤ ᠬᠢᠲᠠᠳ ᠲᠤ ᠠᠶᠢᠯᠴᠢᠯᠠᠨ᠎ᠠ | News.MN

ᠬ∙ ᠪᠠᠲᠤᠲᠤᠯᠭ᠎ᠠ ᠳᠥᠷᠪᠡᠳᠦᠭᠡᠷ ᠰᠠᠷ᠎ᠠ ᠳᠤ ᠬᠢᠲᠠᠳ ᠲᠤ ᠠᠶᠢᠯᠴᠢᠯᠠᠨ᠎ᠠ

ᠥᠴᠥᠭᠡᠳᠦᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠰᠢᠩ ᠬᠠᠢ ᠮᠢᠩ ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠰᠠᠶᠢᠳ ᠶᠣ᠊∙ᠪᠠᠭᠠᠲᠤᠷᠪᠢᠯᠢᠭ᠌ ᠲᠡᠢ ᠠᠭᠤᠯᠵᠠᠯ᠎ᠠ᠃ ᠲᠡᠷᠡᠪᠡᠷ 2019 ᠣᠨ ᠮᠠᠨ ᠤ ᠬᠣᠶᠠᠷ ᠣᠷᠣᠨ ᠤ ᠬᠤᠪᠢ ᠳᠤ ᠴᠢᠬᠤᠯᠠ ᠣᠨ ᠶᠤᠮ᠃ 70 ᠵᠢᠯ ᠦᠨ ᠣᠢ ᠶᠢᠨ ᠬᠦᠷᠢᠶᠡᠨ ᠳᠦ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠢᠷᠡᠬᠦ ᠳᠥᠷᠪᠡᠳᠦᠭᠡᠷ ᠰᠠᠷ᠎ᠠ ᠳᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠠᠶᠢᠯᠴᠢᠯᠠᠨ᠎ᠠ᠃ ᠡᠨᠡ ᠨᠢ ︽ᠨᠢᠭᠡ ᠪᠥᠰᠡ᠂ ᠨᠢᠭᠡ ᠵᠠᠮ︾ ᠲᠥᠰᠥᠯ ᠦᠨ ᠬᠦᠷᠢᠶᠡᠨ ᠳᠦ ᠬᠢᠭᠳᠡᠵᠦ ᠪᠠᠶᠢᠭ᠎ᠠ ᠬᠤᠶᠠᠳᠠᠬᠢ ᠤᠳᠠᠭ᠎ᠠ ᠶᠢᠨ ᠳᠡᠭᠡᠳᠦ ᠬᠡᠮᠵᠢᠶᠡᠨ ᠦ ᠠᠶᠢᠯᠴᠢᠯᠠᠯ ᠶᠤᠮ᠃ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠢᠳᠡᠪᠬᠢᠲᠡᠢ ᠥᠷᠨᠢᠵᠦ ᠪᠠᠶᠢᠨ᠎ᠠ᠃ ᠰᠫᠣᠷᠲ ᠤᠨ  ᠰᠠᠯᠪᠤᠷᠢ ᠶᠢᠨ ᠬᠢᠨ ᠤ ᠲᠠᠯᠪᠢᠭᠰᠠᠨ ᠠᠰᠠᠭᠤᠳᠠᠯ ᠳᠤ ᠤᠳᠠᠬᠤ ᠦᠭᠡᠢ ᠲᠠᠭᠠᠲᠠᠢ ᠬᠠᠷᠢᠭᠤ ᠢᠷᠡᠨ᠎ᠡ ᠭᠡᠳᠡᠭ ᠲᠦ ᠢᠲᠡᠭᠡᠯ ᠲᠡᠢ ᠪᠠᠶᠢᠨ᠎ᠠ᠃ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠣᠢ ᠶᠢᠨ ᠬᠦᠷᠢᠶᠡᠨ ᠳᠦ ᠬᠦᠮᠦᠯᠢᠭ ᠦᠨ ᠬᠠᠮᠲᠤ ᠶᠢᠨ ᠠᠵᠢᠯᠯᠠᠭ᠎ᠠ ᠶᠢ ᠴᠢᠬᠤᠯᠠᠴᠢᠯᠠᠵᠤ ᠪᠠᠶᠢᠭ᠎ᠠ᠃ ᠡᠨᠡ ᠴᠢᠭᠯᠡᠯ ᠢᠶᠡᠷ ᠬᠠᠮᠲᠤᠷᠠᠨ ᠠᠵᠢᠯᠯᠠᠬᠤ ᠳᠤ ᠳᠡᠮᠵᠢᠯᠭᠡ ᠦᠵᠡᠭᠦᠯᠬᠦ ᠳᠦ ᠪᠡᠯᠡᠨ ᠭᠡᠳᠡᠭ ᠢᠶᠡᠨ ᠢᠯᠡᠷᠬᠡᠶᠢᠯᠡᠯ᠎ᠡ᠃

ᠰᠡᠳᠬᠢᠭᠳᠡᠯ ᠦᠯᠡᠳᠡᠭᠡᠬᠦ