ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠰᠠᠶᠢᠳ ᠶᠣ᠊∙ᠪᠠᠭᠠᠲᠤᠷᠪᠢᠯᠢᠭ᠌ ᠪᠦᠭᠦᠳᠡ ᠨᠠᠶᠢᠷᠠᠮᠳᠠᠬᠤ ᠹᠷᠠᠨᠼᠢ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠹᠢᠯᠢᠫᠫ ᠮᠡᠷᠯᠢᠨ ᠢ ᠬᠦᠯᠢᠶᠡᠨ ᠠᠪᠴᠤ ᠠᠭᠤᠯᠵᠠᠯ᠎ᠠ᠃ ᠢᠷᠡᠬᠦ 2020 ᠣᠨ ᠳᠤ ᠮᠣᠩᠭᠣᠯ ᠹᠷᠠᠨᠼᠢ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 55 ᠵᠢᠯ ᠦᠨ ᠣᠢ ᠲᠣᠬᠢᠶᠠᠨ᠎ᠠ᠃ ᠣᠢ ᠶᠢᠨ ᠬᠦᠷᠢᠶᠡᠨ ᠳᠦ ᠬᠠᠮᠲᠤᠷᠠᠨ ᠵᠣᠬᠢᠶᠠᠨ ᠪᠠᠶᠢᠭᠤᠯᠬᠤ ᠪᠣᠯᠪᠠᠰᠤᠷᠠᠯ᠂ ᠰᠤᠶᠤᠯ ᠤᠨ ᠠᠷᠭ᠎ᠠ ᠬᠡᠮᠵᠢᠶᠡᠨ ᠦ ᠲᠠᠯ᠎ᠠ ᠪᠠᠷ ᠲᠠᠯ᠎ᠠ ᠨᠤᠭᠤᠳ ᠰᠠᠨᠠᠯ ᠰᠤᠯᠢᠯᠴᠠᠪᠠ᠃
1996 ᠣᠨ ᠠᠴᠠ ᠬᠣᠶᠢᠰᠢ ᠮᠣᠩᠭᠣᠯ ᠠᠴᠠ 150 ᠭᠠᠷᠤᠢ ᠣᠶᠤᠲᠠᠨ᠂ ᠪᠠᠭᠰᠢ ᠹᠷᠠᠨᠼᠢ ᠳᠤ ᠪᠣᠯᠪᠠᠰᠤᠷᠠᠯ ᠡᠵᠡᠮᠰᠢᠵᠦ᠂ ᠮᠡᠷᠭᠡᠵᠢᠯ ᠳᠡᠭᠡᠭᠰᠢᠯᠡᠭᠦᠯᠵᠦ᠂ 50 ᠣᠷᠴᠢᠮ ᠬᠦᠮᠦᠨ ᠮᠡᠷᠭᠡᠵᠢᠯ ᠦᠨ ᠲᠣᠳᠣᠷᠬᠠᠢ ᠴᠢᠭᠯᠡᠯ ᠢᠶᠡᠷ ᠲᠤᠷᠰᠢᠯᠭ᠎ᠠ ᠰᠤᠳᠤᠯᠵᠤ᠂ ᠪᠣᠭᠣᠨᠢ ᠬᠤᠭᠤᠴᠠᠭᠠᠨ ᠤ ᠰᠤᠷᠭᠠᠯᠲᠠ ᠳᠤ ᠬᠠᠮᠤᠷᠤᠭᠳᠠᠭᠰᠠᠨ ᠪᠠᠶᠢᠨ᠎ᠠ᠃ ᠵᠢᠯ ᠪᠦᠷᠢ 10 ᠣᠶᠤᠲᠠᠨ ᠳᠤ ᠲᠤᠰ ᠶᠠᠮᠤᠨ ᠤ ᠮᠡᠷᠭᠡᠵᠢᠯ ᠦᠨ ᠵᠠᠬᠢᠶᠠᠯᠠᠭ᠎ᠠ ᠶᠢᠨ ᠳᠠᠭᠠᠤ ᠲᠡᠳᠬᠦᠯᠭᠡ ᠣᠯᠭᠤᠳᠠᠭ᠃ ᠰᠢᠨᠵᠢᠯᠡᠬᠦ ᠤᠬᠠᠭᠠᠨ ᠤ ᠰᠠᠯᠪᠤᠷᠢ ᠳᠤ ᠮᠣᠩᠭᠣᠯ ᠹᠷᠠᠨᠼᠢ ᠶᠢᠨ ᠠᠷᠬᠧᠣᠯᠣᠭᠢ ᠶᠢᠨ ᠡᠺᠰᠫᠧᠳᠢᠼᠢ 1993 ᠣᠨ ᠳᠤ ᠪᠠᠶᠢᠭᠤᠯᠤᠭᠳᠠᠭᠰᠠᠨ ᠪᠥᠭᠡᠳ 2003 ᠣᠨ ᠳᠤ ᠹᠷᠠᠨᠼᠢ ᠪᠣᠯᠤᠨ ᠮᠣᠩᠭᠣᠯ ᠤᠨ ᠶᠡᠷᠦᠩᠬᠡᠶᠢᠯᠡᠭᠴᠢ ᠨᠠᠷ ᠤᠨ ᠢᠪᠡᠭᠡᠯ ᠳᠣᠣᠷ᠎ᠠ ᠾᠦᠩᠨᠤ ᠶᠢᠨ ᠡᠵᠡᠨᠲᠦ ᠭᠦᠷᠦᠨ ᠪᠤᠶᠤ ︽ᠲᠠᠯ᠎ᠠ ᠨᠤᠲᠤᠭ ᠤᠨ ᠠᠩᠬᠠᠨ ᠤ ᠡᠵᠡᠨᠲᠦ ᠭᠦᠷᠦᠨ︾ ᠠᠷᠬᠧᠣᠯᠣᠭᠢ ᠶᠢᠨ ᠠᠵᠢᠯ ᠡᠬᠢᠯᠡᠭᠦᠯᠦᠭᠰᠡᠨ᠃ ᠤᠯᠠᠮ ᠢᠶᠠᠷ 1996-2014 ᠣᠨ ᠳᠤ ᠮᠣᠩᠭᠣᠯ ᠤᠨ ᠲᠡᠦᠬᠡ ᠶᠢᠨ ᠪᠠᠷᠤᠭ ᠪᠦᠬᠦ ᠦᠶ᠎ᠡ ᠶᠢ ᠬᠠᠮᠤᠷᠤᠭᠰᠠᠨ ᠠᠷᠬᠧᠣᠯᠣᠭᠢ ᠶᠢᠨ ᠥᠷᠭᠡᠨ ᠬᠦᠷᠢᠶ᠎ᠡ ᠲᠡᠢ ᠬᠠᠶᠢᠭᠤᠯ᠂ ᠮᠠᠯᠲᠠᠯᠭ᠎ᠠ ᠰᠤᠳᠤᠯᠭ᠎ᠠ ᠶᠢ 55 ᠳᠤᠷᠠᠰᠬᠠᠯᠲᠤ ᠭᠠᠵᠠᠷ ᠲᠤ ᠬᠢᠵᠦ᠂ ᠨᠡᠶᠢᠲᠡ ᠳᠦ ᠪᠡᠨ 200 ᠭᠠᠷᠤᠢ ᠣᠯᠳᠠᠪᠤᠷᠢ ᠶᠢ ᠹᠷᠠᠨᠼᠢ ᠶᠢᠨ ᠬᠠᠮᠲᠤᠷᠠᠭᠴᠢᠳ 200 ᠮᠢᠩᠭ᠎ᠠ ᠭᠠᠷᠤᠢ ᠡᠸᠦ᠋ᠷᠤ᠋ ᠳ᠋ᠤᠯᠯᠠᠷ ᠵᠠᠷᠤᠴᠠᠭᠤᠯᠵᠤ ᠰᠡᠷᠭᠦᠭᠡᠨ ᠵᠠᠰᠠᠪᠤᠷᠢᠯᠠᠵᠤ ᠮᠣᠩᠭᠣᠯ ᠤᠨ ᠲᠠᠯ᠎ᠠ ᠳᠤ ᠬᠦᠯᠢᠶᠡᠯᠭᠡᠨ ᠥᠭᠭᠦᠭᠰᠡᠨ ᠪᠢᠯᠡ ᠃