ᠳᠣᠷᠣᠨᠠᠭᠣᠪᠢ ᠠᠶᠢᠮᠠᠭ ᠤᠨ ᠬᠥᠪᠰᠥᠭᠥᠯ ᠰᠤᠮᠤᠨ ᠳᠤ ᠡᠨᠡ ᠵᠢᠯ ᠬᠡᠳᠦ ᠬᠡᠳᠦᠨ ᠲᠣᠮᠣᠬᠠᠨ ᠪᠦᠲᠦᠭᠡᠨ ᠪᠠᠶᠢᠭᠤᠯᠤᠯᠲᠠ ᠬᠢᠬᠦ ᠪᠣᠯᠤᠭᠰᠠᠨ ᠲᠠᠯ᠎ᠠ ᠪᠠᠷ ᠰᠤᠮᠤ ᠶᠢᠨ ᠵᠠᠰᠠᠭ ᠳᠠᠷᠤᠭ᠎ᠠ ᠨ∙ᠡᠩᠬᠡᠪᠠᠶᠠᠷ ᠶᠠᠷᠢᠪᠠ᠃ ᠤᠯᠤᠰ ᠤᠨ ᠲᠥᠰᠥᠪ ᠦᠨ 1.2 ᠲᠡᠷᠪᠤᠮ ᠲᠥᠭᠥᠷᠢᠭ ᠦᠨ ᠬᠥᠷᠥᠩᠭᠡ ᠣᠷᠣᠭᠤᠯᠤᠯᠲᠠ ᠪᠠᠷ ᠰᠤᠶᠤᠯ ᠰᠫᠣᠷᠲ ᠤᠨ ᠣᠷᠳᠣᠨ ᠪᠠᠶᠢᠭᠤᠯᠬᠤ ᠪᠣᠯ᠂ ᠰᠤᠮᠤ ᠶᠢᠨ ᠬᠡᠮᠵᠢᠶᠡᠨ ᠳᠦ ᠲᠥᠪᠯᠡᠷᠡᠭᠰᠡᠨ ᠬᠠᠯᠠᠭᠠᠯᠲᠠ ᠶᠢᠨ ᠱᠤᠭᠤᠮ ᠤᠨ ᠵᠢᠷᠤᠭ ᠲᠥᠰᠥᠯ ᠦᠨ ᠠᠵᠢᠯ ᠢ ᠡᠬᠢᠯᠡᠬᠦ᠂ ᠠᠶᠢᠮᠠᠭ ᠤᠨ ᠣᠷᠣᠨ ᠨᠤᠲᠤᠭ ᠤᠨ ᠲᠥᠰᠥᠪ ᠢᠶᠡᠷ ᠪᠠᠭᠰᠢ ᠨᠠᠷ ᠤᠨ ᠬᠡᠷᠡᠭᠴᠡᠭᠡᠨ ᠳᠦ ᠵᠣᠷᠢᠭᠤᠯᠵᠤ ᠳᠥᠷᠪᠡᠨ ᠠᠶᠢᠯ ᠤᠨ ᠣᠷᠣᠨ ᠰᠠᠭᠤᠴᠠ᠂ 150 ᠰᠠᠶ᠎ᠠ ᠲᠥᠭᠥᠷᠢᠭ ᠢᠶᠡᠷ ᠡᠷᠡᠭᠦᠯ ᠮᠡᠨᠳᠦ ᠶᠢᠨ ᠲᠥᠪ ᠦᠨ ᠥᠷᠭᠡᠳᠬᠡᠯ ᠢ ᠪᠠᠷᠢᠵᠤ ᠠᠰᠢᠭᠯᠠᠯᠲᠠ ᠳᠤ ᠣᠷᠣᠭᠤᠯᠬᠤ ᠪᠠᠷ ᠪᠣᠯᠵᠠᠢ ᠃ ᠰᠤᠮᠤᠨ ᠳᠤ ᠪᠠᠨ ᠰᠠᠶᠢᠬᠠᠨ ᠠᠮᠢᠳᠤᠷᠠᠬᠤ ᠪᠣᠯᠤᠮᠵᠢ ᠶᠢ ᠪᠦᠷᠢᠳᠦᠭᠦᠯᠦᠭᠰᠡᠨ ᠢᠶᠡᠷ ᠲᠥᠷᠥ ᠶᠢᠨ ᠦᠢᠯᠡᠴᠢᠯᠡᠭᠡ ᠶᠢ ᠴᠢᠨᠠᠷᠲᠠᠢ ᠬᠦᠷᠭᠡᠬᠦ᠂ ᠬᠥᠳᠡᠭᠡᠨ ᠡᠴᠡ ᠬᠣᠲᠠ ᠶᠢ ᠵᠣᠷᠢᠬᠤ ᠨᠡᠭᠦᠳᠡᠯ ᠢ ᠬᠢᠵᠠᠭᠠᠷᠯᠠᠬᠤ ᠪᠣᠯᠤᠮᠵᠢ ᠲᠠᠢ ᠃ ᠲᠤᠰ ᠰᠤᠮᠤ ᠭᠤᠷᠪᠠᠨ ᠬᠥᠪᠰᠥᠭᠥᠯ᠂ ᠵᠢᠪᠬᠤᠯᠠᠩᠲᠤ᠂ ᠡᠯᠡᠰᠦᠲᠦ᠂ ᠴᠢᠯᠠᠭᠤᠲᠤ ᠭᠡᠰᠡᠨ ᠳᠥᠷᠪᠡᠨ ᠪᠠᠭ ᠲᠠᠢ᠃ ᠨᠡᠶᠢᠲᠡ 1500 ᠣᠷᠴᠢᠮ ᠠᠮᠠ ᠲᠠᠢ᠂ ᠲᠥᠪ ᠦᠨ ᠡᠷᠴᠢᠮ ᠬᠦᠴᠦᠨ ᠳᠦ ᠬᠣᠯᠪᠣᠭᠳᠠᠭᠰᠠᠨ᠂ ᠡᠭᠦᠷ ᠦᠨ ᠲᠧᠯᠧᠹᠣᠨ ᠤ ᠦᠢᠯᠡᠴᠢᠯᠡᠭᠡ ᠲᠡᠢ᠂ 240 ᠬᠡᠦᠬᠡᠳ ᠦᠨ ᠪᠠᠭᠲᠠᠭᠠᠮᠵᠢ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠲᠠᠢ᠂ 50 ᠣᠷᠣ ᠲᠠᠢ ᠳᠣᠲᠣᠭᠤᠷ ᠪᠠᠶᠢᠷᠢ᠂ 10 ᠣᠷᠣ ᠲᠠᠢ ᠬᠦᠮᠦᠨ ᠡᠮᠨᠡᠯᠭᠡ᠂ 75 ᠣᠷᠣ ᠲᠠᠢ ᠬᠡᠦᠬᠡᠳ ᠦᠨ ᠴᠡᠴᠡᠷᠯᠢᠭ᠂ 160 ᠬᠦᠮᠦᠨ ᠦ ᠰᠠᠭᠤᠳᠠᠯ ᠲᠠᠢ ᠰᠤᠶᠤᠯ ᠤᠨ ᠲᠥᠪ ᠠᠵᠢᠯᠯᠠᠵᠤ ᠪᠠᠶᠢᠨ᠎ᠠ᠃