ᠤᠪᠰᠤ ᠠᠶᠢᠮᠠᠭ ᠤᠨ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠭᠠᠵᠠᠷ ᠠᠴᠠ ᠠᠷᠠᠳ ᠢᠷᠭᠡᠳ ᠦᠨ ᠮᠣᠩᠭᠣᠯ ᠪᠢᠴᠢᠭ ᠦᠨ ᠮᠡᠳᠡᠯᠭᠡ ᠶᠢ ᠳᠡᠭᠡᠭᠰᠢᠯᠡᠭᠦᠯᠬᠦ᠂ ᠦᠨᠳᠦᠰᠦᠨ ᠦ ᠪᠢᠴᠢᠭ ᠢᠶᠡᠨ ᠰᠤᠷᠲᠠᠯᠴᠢᠯᠠᠨ ᠲᠠᠨᠢᠭᠤᠯᠬᠤ᠂ ᠲᠦᠭᠡᠭᠡᠨ ᠳᠡᠯᠭᠡᠷᠡᠭᠦᠯᠬᠦ᠂ ᠵᠠᠯᠠᠭᠤ ᠬᠣᠶᠢᠴᠢ ᠦᠶ᠎ᠡ ᠳᠦ ᠪᠡᠨ ᠥᠪᠯᠡᠭᠦᠯᠦᠨ ᠦᠯᠡᠳᠡᠭᠡᠬᠦ ᠵᠣᠷᠢᠯᠭ᠎ᠠ ᠪᠠᠷ ᠮᠣᠩᠭᠣᠯ ᠪᠢᠴᠢᠭ ᠦᠨ ᠳᠤᠭᠤᠶᠢᠯᠠᠩ ᠬᠢᠴᠢᠶᠡᠯᠯᠡᠭᠦᠯᠬᠦ ᠭᠡᠵᠦ ᠪᠠᠶᠢᠨ᠎ᠠ᠃ ᠤᠭ ᠳᠤᠭᠤᠶᠢᠯᠠᠩ ᠨᠢ ᠨᠠᠰᠤᠨ ᠳᠤ ᠬᠦᠷᠦᠭᠰᠡᠳ ᠲᠦ᠂ ᠰᠤᠷᠤᠭᠴᠢᠳ ᠲᠤ ᠵᠣᠷᠢᠭᠤᠯᠤᠭᠰᠠᠨ ᠰᠤᠷᠭᠠᠯᠲᠠ ᠭᠡᠰᠡᠨ ᠬᠣᠶᠠᠷ ᠦᠨᠳᠦᠰᠦᠨ ᠪᠠᠭᠴᠠ ᠲᠠᠢ ᠪᠠᠶᠢᠨ᠎ᠠ᠃ ᠨᠠᠰᠤᠨ ᠳᠤ ᠬᠦᠷᠦᠭᠰᠡᠳ ᠲᠦ ᠵᠣᠷᠢᠭᠤᠯᠤᠭᠰᠠᠨ ᠰᠤᠷᠭᠠᠯᠲᠠ ᠨᠢ 18-35 ᠨᠠᠰᠤᠨ ᠤ ᠢᠷᠭᠡᠳ ᠲᠦ ᠮᠣᠩᠭᠣᠯ ᠪᠢᠴᠢᠭ ᠦᠨ ᠪᠣᠯᠪᠠᠰᠤᠷᠠᠯ ᠣᠯᠭᠣᠬᠤ ᠠᠩᠬᠠᠨ ᠱᠠᠲᠤᠨ ᠤ ᠰᠤᠷᠭᠠᠯᠲᠠ 30 ᠴᠠᠭ᠂ ᠮᠣᠩᠭᠣᠯ ᠪᠢᠴᠢᠭ ᠦᠨ ᠲᠦᠪᠰᠢᠨ ᠠᠬᠢᠭᠤᠯᠬᠤ ᠰᠤᠷᠭᠠᠯᠲᠠ 30 ᠴᠠᠭ᠂ ᠮᠣᠩᠭᠣᠯ ᠪᠢᠴᠢᠭ ᠦᠨ ᠭᠦᠨᠵᠡᠭᠡᠶᠢᠷᠡᠭᠦᠯᠦᠭᠰᠡᠨ ᠱᠠᠲᠤᠨ ᠤ ᠰᠤᠷᠭᠠᠯᠲᠠ 30 ᠴᠠᠭ ᠤᠨ ᠬᠢᠴᠢᠶᠡᠯ ᠲᠤᠰ ᠲᠤᠰ ᠤᠷᠤᠬᠤ ᠠᠵᠠᠢ᠃ ᠬᠠᠷᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠭᠴᠢᠳ ᠲᠤ ᠵᠣᠷᠢᠭᠤᠯᠤᠭᠰᠠᠨ ᠰᠤᠷᠭᠠᠯᠲᠠ ᠨᠢ ᠮᠣᠩᠭᠣᠯ ᠪᠢᠴᠢᠭ ᠦᠨ ᠬᠣᠴᠣᠷᠤᠭᠳᠠᠯ ᠠᠷᠢᠯᠭᠠᠬᠤ 30 ᠴᠠᠭ᠂ ᠮᠣᠩᠭᠣᠯ ᠪᠢᠴᠢᠭ ᠢᠶᠡᠷ ᠠᠯᠳᠠᠭ᠎ᠠ ᠦᠭᠡᠢ ᠴᠡᠪᠡᠷ ᠪᠢᠴᠢᠬᠦ᠂ ᠤᠩᠰᠢᠬᠤ 30 ᠴᠠᠭ᠂ ᠮᠣᠩᠭᠣᠯ ᠪᠢᠴᠢᠭ ᠦᠨ ᠲᠦᠪᠰᠢᠨ ᠠᠬᠢᠭᠤᠯᠬᠤ 30 ᠴᠠᠭ ᠤᠨ ᠬᠢᠴᠢᠶᠡᠯ ᠲᠤᠰ ᠲᠤᠰ ᠤᠷᠤᠬᠤ ᠶᠤᠮ᠃ ᠰᠤᠷᠭᠠᠯᠲᠠ ᠶᠢ ᠮᠣᠩᠭᠣᠯ ᠬᠡᠯᠡ᠂ ᠤᠷᠠᠨ ᠵᠣᠬᠢᠶᠠᠯ ᠤᠨ ᠵᠢᠭᠠᠬᠤ ᠠᠷᠭᠠᠴᠢ ᠪᠠᠭᠰᠢ ᠳ∙ᠪᠠᠶᠠᠷᠬᠦᠦ ᠵᠢᠭᠠᠬᠤ ᠶᠤᠮ ᠪᠠᠶᠢᠨ᠎ᠠ᠃