ᠴᠢᠴᠠᠷᠭᠠᠨ᠎ᠠ ᠶᠢ ᠭᠠᠵᠠᠷ ᠵᠦᠢ ᠶᠢᠨ ᠵᠢᠭᠠᠯᠲᠠ ᠲᠠᠢ ᠪᠦᠲᠦᠭᠡᠭᠳᠡᠬᠦᠨ ᠢᠶᠡᠷ ᠪᠦᠷᠢᠳᠬᠡᠨ᠎ᠡ | News.MN

ᠴᠢᠴᠠᠷᠭᠠᠨ᠎ᠠ ᠶᠢ ᠭᠠᠵᠠᠷ ᠵᠦᠢ ᠶᠢᠨ ᠵᠢᠭᠠᠯᠲᠠ ᠲᠠᠢ ᠪᠦᠲᠦᠭᠡᠭᠳᠡᠬᠦᠨ ᠢᠶᠡᠷ ᠪᠦᠷᠢᠳᠬᠡᠨ᠎ᠡ

ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠤ ᠰᠠᠶᠢᠳ ᠴ∙ᠤᠯᠠᠭᠠᠨ ᠹᠷᠠᠨᠼᠢ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠹᠢᠯᠢᠫᠫ ᠮᠡᠷᠯᠢᠨ ᠢ ᠥᠨᠥᠳᠥᠷ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠦᠶ᠎ᠡ ᠪᠡᠷ᠂ ᠹᠢᠯᠢᠫᠫ ᠮᠡᠷᠯᠢᠨ᠂ ᠤᠪᠰᠤ ᠶᠢᠨ ᠴᠢᠴᠠᠷᠭᠠᠨ᠎ᠠ ᠶᠢ ᠮᠣᠩᠭᠣᠯ ᠤᠯᠤᠰ ᠤᠨ ᠭᠠᠵᠠᠷ ᠵᠦᠢ ᠶᠢᠨ ᠵᠢᠭᠠᠯᠲᠠ ᠲᠠᠢ ᠪᠦᠲᠦᠭᠡᠭᠳᠡᠬᠦᠨ ᠳᠦ ᠪᠥᠷᠢᠳᠬᠡᠭᠦᠯᠬᠦ ᠳᠦ ᠬᠠᠮᠲᠤᠷᠠᠵᠤ ᠠᠵᠢᠯᠯᠠᠬᠤ ᠰᠠᠨᠠᠯ ᠲᠠᠢ ᠪᠠᠶᠢᠭ᠎ᠠ ᠪᠠᠨ ᠢᠯᠡᠷᠬᠡᠶᠢᠯᠡᠪᠡ᠃ ᠮᠥᠨ ᠲᠤᠰ ᠤᠯᠤᠰ ᠠᠴᠠ ᠮᠣᠩᠭᠣᠯ ᠳᠤ ᠥᠨᠳᠥᠷ ᠠᠰᠢᠭ ᠰᠢᠮ᠎ᠡ ᠲᠡᠢ ᠦᠬᠡᠷ ᠡᠺᠰᠫᠣᠷᠲᠯᠠᠬᠤ ᠳᠤ ᠭᠠᠷᠴᠤ ᠪᠤᠢ ᠬᠣᠷᠢᠭ ᠰᠠᠭᠠᠳ ᠢ ᠠᠷᠢᠯᠭᠠᠬᠤ ᠳᠤ ᠳᠡᠮᠵᠢᠯᠭᠡ ᠦᠵᠡᠭᠦᠯᠬᠦ ᠬᠡᠷᠡᠭᠲᠡᠢ ᠪᠠᠶᠢᠨ᠎ᠠ ᠭᠡᠪᠡ᠃
ᠡᠭᠦᠨ ᠦ ᠬᠠᠷᠢᠭᠤ ᠳᠤ ᠰᠠᠶᠢᠳ ᠴ∙ᠤᠯᠠᠭᠠᠨ᠄ᠮᠠᠨ ᠤ ᠳᠤ  ᠤᠪᠰᠤ ᠶᠢᠨ ᠴᠢᠴᠠᠷᠭᠠᠨ᠎ᠠ᠂ ᠪᠤᠯᠠᠭᠠᠨ ᠤ ᠠᠶᠢᠷᠠᠭ᠂ ᠵᠠᠪᠬᠠᠨ ᠤ ᠤᠯᠠᠭᠠᠨ ᠰᠠᠷᠢᠮᠰᠠᠭ ᠂ ᠬᠠᠯᠬ᠎ᠠ ᠭᠣᠣᠯ ᠤᠨ ᠵᠥᠭᠡᠢ ᠶᠢᠨ ᠪᠠᠯ ᠵᠡᠷᠭᠡ ᠣᠨᠴᠠᠯᠢᠭ ᠪᠦᠲᠦᠭᠡᠭᠳᠡᠬᠦᠨ ᠪᠤᠢ᠃ ᠡᠳᠡᠭᠡᠷ ᠢ ᠭᠠᠵᠠᠷ ᠵᠦᠢ ᠶᠢᠨ ᠵᠢᠭᠠᠯᠲᠠ ᠲᠠᠢ ᠪᠦᠲᠦᠭᠡᠭᠳᠡᠬᠦᠨ ᠳᠦ ᠪᠥᠷᠢᠳᠬᠡᠭᠦᠯᠦᠨ᠂ ᠣᠯᠠᠨ ᠤᠯᠤᠰ ᠤᠨ ᠵᠠᠬ᠎ᠠ ᠵᠡᠭᠡᠯᠢ ᠳᠦ ᠡᠺᠰᠫᠣᠷᠲᠯᠠᠬᠤ ᠬᠦᠷᠢᠶᠡᠨ ᠳᠦ ᠬᠠᠮᠲᠤᠷᠠᠵᠤ ᠠᠵᠢᠯᠯᠠᠬᠤ ᠳᠤ ᠪᠠᠨ ᠲᠠᠭᠠᠲᠠᠢ ᠪᠠᠶᠢᠬᠤ ᠪᠣᠯᠤᠨ᠎ᠠ ᠭᠡᠯ᠎ᠡ᠃ ᠲᠡᠷᠡ ᠪᠡᠷ᠂ ᠹᠷᠠᠨᠼᠢ ᠤᠯᠤᠰ ᠤᠨ ᠰᠠᠩᠬᠦᠦᠵᠢᠯᠲᠠ ᠲᠡᠢ ᠬᠦᠨᠡᠰᠦᠨ ᠦ ᠰᠠᠩ ᠠᠴᠠ ᠬᠡᠷᠡᠭᠵᠢᠭᠦᠯᠵᠦ ᠪᠤᠢ ᠲᠥᠰᠥᠯ ᠦᠨ ᠲᠠᠯ᠎ᠠ ᠪᠠᠷ ᠡᠯᠴᠢᠨ ᠰᠠᠶᠢᠳ ᠤᠨ ᠲᠠᠯᠪᠢᠭᠰᠠᠨ ᠰᠠᠨᠠᠯ ᠢ ᠳᠡᠮᠵᠢᠵᠦ ᠪᠤᠢ ᠪᠠᠨ ᠢᠯᠡᠷᠬᠡᠶᠢᠯᠡᠭᠡᠳ᠂  ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ ᠤᠨ ᠠᠵᠢᠯ ᠤᠨ ᠬᠡᠰᠡᠭ ᠢ ᠹᠷᠠᠨᠼᠢ ᠤᠯᠤᠰ ᠲᠤ ᠠᠵᠢᠯᠯᠠᠭᠤᠯᠤᠨ᠂ ᠡᠷᠡᠭᠦᠯ ᠠᠬᠤᠢ᠂ ᠬᠣᠷᠢᠭ᠎ᠠ ᠴᠡᠭᠡᠷ ᠦᠨ ᠭᠡᠷᠡᠴᠢᠯᠡᠭᠡᠨ ᠳᠦ ᠲᠠᠯᠪᠢᠵᠤ ᠪᠤᠢ ᠨᠡᠮᠡᠯᠲᠡ ᠱᠠᠭᠠᠷᠳᠠᠯᠭ᠎ᠠ ᠨᠤᠭᠤᠳ ᠢ ᠬᠠᠩᠭᠠᠭᠤᠯᠬᠤ ᠲᠠᠯ᠎ᠠ ᠳᠡᠭᠡᠷ᠎ᠡ ᠳᠡᠮᠵᠢᠬᠦ ᠪᠡᠨ ᠢᠯᠡᠷᠬᠡᠶᠢᠯᠡᠪᠡ᠃
ᠭᠠᠵᠠᠷ ᠵᠦᠢ ᠶᠢᠨ ᠵᠢᠭᠠᠯᠲᠠ ᠭᠡᠳᠡᠭ ᠪᠣᠯ ᠭᠠᠵᠠᠷ ᠵᠦᠢ ᠶᠢᠨ ᠭᠠᠷᠤᠯ ᠡᠭᠦᠰᠦᠯ᠂ ᠴᠢᠨᠠᠷ᠂ ᠨᠡᠷ᠎ᠡ ᠬᠦᠨᠳᠦ ᠡᠰᠡᠪᠡᠯ ᠲᠤᠬᠠᠢ ᠶᠢᠨ ᠭᠠᠵᠠᠷ ᠨᠤᠲᠤᠭ ᠲᠠᠢ ᠪᠠᠨ ᠬᠣᠯᠪᠣᠭ᠎ᠠ ᠲᠠᠢ ᠣᠨᠴᠠᠯᠢᠭ ᠰᠢᠨᠵᠢ ᠲᠡᠢ ᠪᠦᠲᠦᠭᠡᠭᠳᠡᠬᠦᠨ ᠳᠦ ᠬᠡᠷᠡᠭᠯᠡᠳᠡᠭ ᠲᠡᠮᠳᠡᠭ ᠶᠤᠮ᠃ ᠶᠡᠬᠡᠩᠬᠢ ᠲᠣᠬᠢᠶᠠᠯᠳᠤᠯ ᠳᠤ ᠭᠠᠵᠠᠷ ᠵᠦᠢ ᠶᠢᠨ ᠵᠢᠭᠠᠯᠲᠠ ᠶᠢ ᠪᠦᠲᠦᠭᠡᠭᠳᠡᠬᠦᠨ ᠢ ᠦᠢᠯᠡᠳᠪᠦᠷᠢᠯᠡᠭᠰᠡᠨ ᠭᠠᠵᠠᠷ ᠤᠨ ᠨᠡᠷ᠎ᠡ ᠪᠡᠷ ᠨᠡᠷᠡᠯᠡᠭᠰᠡᠨ ᠪᠠᠶᠢᠳᠠᠭ᠃ ᠭᠠᠵᠠᠷ ᠵᠦᠢ ᠶᠢᠨ ᠵᠢᠭᠠᠯᠲᠠ ᠶᠢ  ᠡᠺᠤᠯᠤᠭᠢ ᠶᠢᠨ ᠴᠡᠪᠡᠷ᠂ ᠬᠥᠳᠡᠭᠡ ᠠᠵᠤ ᠠᠬᠤᠢ᠂ ᠦᠢᠯᠡᠳᠪᠦᠷᠢ ᠶᠢᠨ ᠭᠡᠬᠦ ᠮᠡᠲᠦ ᠮᠠᠰᠢ ᠣᠯᠠᠨ ᠲᠥᠷᠥᠯ ᠦᠨ ᠪᠦᠲᠦᠭᠡᠭᠳᠡᠬᠦᠨ ᠳᠦ ᠠᠰᠢᠭᠯᠠᠳᠠᠭ ᠪᠠᠶᠢᠨ᠎ᠠ᠃

ᠰᠡᠳᠬᠢᠭᠳᠡᠯ ᠦᠯᠡᠳᠡᠭᠡᠬᠦ