ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠢᠨ ᠲᠡᠢ ᠠᠭᠤᠯᠵᠠᠪᠠ | News.MN

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠢᠨ ᠲᠡᠢ ᠠᠭᠤᠯᠵᠠᠪᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ ᠽᠠᠨᠳᠠᠨᠰᠢᠲᠠᠷ᠎ᠠ ᠥᠨᠥᠳᠥᠷ ︵2019.02.21︶ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠰᠠᠭᠤᠷᠢᠨ ᠵᠤᠬᠢᠴᠠᠭᠤᠯᠤᠭᠴᠢ ᠶᠢᠨ ᠡᠭᠦᠷᠭᠡ ᠭᠦᠢᠴᠡᠳᠬᠡᠭᠴᠢ ᠬᠠᠲᠤᠭᠲᠠᠢ ᠪᠢᠶᠠᠲ᠋ᠠ ᠲᠷᠠᠩᠺᠠᠮᠠᠨ ᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ ᠭ∙ ᠽᠠᠨᠳᠠᠨᠰᠢᠲᠠᠷ᠎ᠠ ᠲᠡᠭᠦᠨ ᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠪᠠᠷ ᠠᠵᠢᠯᠯᠠᠵᠤ ᠪᠠᠶᠢᠬᠤ ᠳᠤ ᠬᠠᠮᠲᠤ ᠶᠢᠨ ᠠᠵᠢᠯᠯᠠᠭᠠᠨ ᠳᠤ ᠳᠡᠮᠵᠢᠯᠭᠡ ᠦᠵᠡᠭᠦᠯᠵᠦ ᠪᠠᠶᠢᠭᠰᠠᠨ ᠳᠤ ᠲᠠᠯᠠᠷᠬᠠᠵᠤ ᠪᠤᠢ  ᠪᠠᠨ ᠢᠯᠡᠷᠬᠡᠶᠢᠯᠡᠪᠡ᠃ ᠲᠡᠷᠡ ᠪᠡᠷ ᠤᠯᠤᠰ ᠤᠨ ᠶᠡᠬᠡ ᠬᠤᠷᠠᠯ ᠤᠨ ᠬᠡᠯᠡᠯᠴᠡᠭᠦᠯᠭᠡ ᠶᠢᠨ ᠵᠢᠷᠤᠮ ᠳᠤ ᠥᠭᠡᠷᠡᠴᠢᠯᠡᠯᠲᠡ ᠣᠷᠣᠭᠤᠯᠵᠤ ᠪᠤᠢ  ᠪᠠᠨ ᠳᠤᠭᠤᠯᠭᠠᠨ ᠂ ᠢᠷᠡᠬᠦ ᠡᠳᠦᠷ ᠦᠳ ᠲᠦ ᠮᠣᠩᠭᠣᠯ ᠤᠯᠤᠰ ᠤᠨ ᠰᠤᠮᠤ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠥᠯᠥᠭᠡᠯᠡᠭᠴᠢᠳ ᠲᠡᠢ ᠴᠠᠬᠢᠮ ᠠᠭᠤᠯᠵᠠᠯᠲᠠ ᠵᠣᠬᠢᠶᠠᠨ ᠪᠠᠶᠢᠭᠤᠯᠤᠨ᠎ᠠ᠃ ᠢᠩᠭᠢᠭᠰᠡᠨ ᠢᠶᠡᠷ ᠢᠷᠭᠡᠳ ᠪᠣᠯᠤᠭᠠᠳ ᠣᠷᠣᠨ ᠨᠤᠲᠤᠭ ᠲᠤ ᠲᠤᠯᠭᠠᠮᠳᠠᠵᠤ ᠪᠤᠢ ᠪᠡᠷᠬᠡᠰᠢᠶᠡᠯ᠂ ᠴᠢᠨᠠᠭᠰᠢᠳᠠ ᠠᠪᠬᠤ ᠠᠷᠭ᠎ᠠ ᠬᠡᠮᠵᠢᠶ᠎ᠡ ᠶᠢ ᠴᠠᠭ ᠠᠯᠠᠳᠠᠯ ᠦᠭᠡᠢ ᠰᠢᠢᠳᠪᠦᠷᠢᠯᠡᠬᠦ ᠪᠣᠯᠤᠮᠵᠢ ᠲᠠᠢ ᠶᠤᠮ ᠭᠡᠯ᠎ᠡ᠃
ᠬᠠᠷᠢᠭᠤᠴᠠᠯᠭ᠎ᠠ ᠲᠠᠢ ᠠᠯᠪᠠᠨ ᠲᠤᠰᠢᠶᠠᠯ ᠳᠤ ᠰᠣᠩᠭᠣᠭᠳᠠᠭᠰᠠᠨ ᠳᠤ ᠨᠢ ᠪᠠᠶᠠᠷ ᠬᠦᠷᠭᠡᠭᠡᠳ᠂ ᠡᠮᠦᠨᠡᠬᠢ ᠬᠠᠮᠲᠤ ᠶᠢᠨ ᠠᠵᠢᠯᠯᠠᠭ᠎ᠠ ᠪᠠᠨ ᠠᠮᠵᠢᠯᠲᠠ ᠲᠠᠢ ᠦᠷᠭᠦᠯᠵᠢᠯᠡᠭᠦᠯᠦᠨ᠎ᠡ ᠭᠡᠳᠡᠭ ᠲᠦ ᠢᠲᠡᠭᠡᠵᠦ ᠪᠤᠢ ᠪᠠᠨ ᠬᠠᠲᠤᠭᠲᠠᠢ ᠪᠢᠶᠠᠲ᠋ᠠ ᠲᠷᠠᠩᠺᠠᠮᠠᠨ ᠠᠭᠤᠯᠵᠠᠯᠲᠠ ᠶᠢᠨ ᠡᠬᠢᠨ ᠳᠦ ᠴᠣᠬᠣᠨ ᠲᠡᠮᠳᠡᠭᠯᠡᠪᠡ᠃ ᠲᠡᠷᠡ ᠪᠡᠷ᠂ ᠡᠨᠡ ᠣᠨ ᠤ ᠳᠣᠯᠣᠳᠤᠭᠠᠷ ᠰᠠᠷ᠎ᠠ ᠳᠤ ᠪᠣᠯᠬᠤ ᠥᠨᠳᠥᠷ ᠲᠦᠪᠰᠢᠨ ᠦ ᠤᠯᠤᠰ ᠲᠦᠷᠦ ᠶᠢᠨ ᠹᠣᠷᠣᠮ ᠳᠤ ᠮᠣᠩᠭᠣᠯ ᠤᠯᠤᠰ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠤᠨ ᠬᠡᠷᠡᠭᠵᠢᠯᠲᠡ ᠶᠢᠨ ᠢᠶᠡᠨ ᠲᠠᠯ᠎ᠠ ᠪᠠᠷ ᠦᠨᠳᠦᠰᠦᠨ ᠦ ᠲᠠᠶᠢᠯᠤᠨ ᠲᠠᠯᠪᠢᠬᠤ ᠪᠣᠯᠤᠭᠰᠠᠨ ᠳᠤ ᠪᠠᠶᠠᠷ ᠬᠦᠷᠭᠡᠵᠦ᠂ ᠬᠠᠤᠯᠢ ᠡᠷᠬᠡ ᠵᠦᠢ ᠶᠢᠨ ᠣᠷᠴᠢᠨ ᠪᠣᠯᠤᠨ ᠲᠥᠯᠥᠪᠯᠡᠯᠲᠡ ᠰᠠᠶᠢᠨ ᠬᠢᠭᠳᠡᠭᠰᠡᠨ ᠲᠡᠳᠦᠢ ᠦᠭᠡᠢ ᠴᠢᠨᠠᠭᠰᠢᠳᠠ ᠰᠠᠯᠪᠤᠷᠢ ᠬᠣᠭᠣᠷᠣᠨᠳᠣ ᠶᠢᠨ ᠤᠶᠠᠯᠳᠤᠭ᠎ᠠ ᠶᠢ ᠬᠠᠩᠭᠠᠬᠤ ᠪᠣᠯᠤᠨ ᠲᠥᠰᠥᠪ ᠲᠦ ᠰᠠᠭᠤᠯᠭᠠᠬᠤ ᠠᠰᠠᠭᠤᠳᠠᠯ ᠳᠤ ᠪᠠᠨ ᠠᠩᠬᠠᠷᠬᠤ ᠬᠡᠷᠡᠭᠲᠡᠢ ᠶᠢ ᠳᠤᠷᠠᠳᠴᠤ ᠪᠠᠶᠢᠪᠠ᠃

ᠰᠡᠳᠬᠢᠭᠳᠡᠯ ᠦᠯᠡᠳᠡᠭᠡᠬᠦ