ᠣᠷᠣᠨ ᠨᠤᠲᠤᠭ ᠤᠨ ᠤᠳᠤᠷᠢᠳᠬᠤ ᠠᠵᠢᠯᠲᠠᠨ ᠤ ᠤᠯᠤᠰ ᠤᠨ ᠵᠦᠪᠯᠡᠯᠭᠡᠨ ᠲᠥᠷᠥ ᠶᠢᠨ ᠣᠷᠳᠣᠨ ᠳᠤ ᠡᠬᠢᠯᠡᠯ᠎ᠡ᠃ ᠵᠦᠪᠯᠡᠯᠭᠡᠨ ᠳᠦ ᠪᠦᠬᠦ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ᠂ ᠲᠣᠰᠬᠣᠨ᠂ ᠬᠣᠷᠢᠶᠠᠨ ᠤ ᠵᠠᠰᠠᠭ ᠳᠠᠷᠤᠭ᠎ᠠ ᠪᠣᠯᠤᠨ ᠲᠠᠮᠠᠭ᠎ᠠ ᠶᠢᠨ ᠭᠠᠵᠠᠷ ᠤᠨ ᠳᠠᠷᠤᠭ᠎ᠠ 500 ᠭᠠᠷᠤᠢ ᠬᠦᠮᠦᠨ ᠣᠷᠣᠯᠴᠠᠵᠤ ᠪᠠᠶᠢᠨ᠎ᠠ᠃
ᠮᠥᠨ ᠦᠶ᠎ᠡ ᠪᠡᠷ ᠶᠡᠷᠦᠩᠬᠡᠢ ᠰᠠᠶᠢᠳ ᠤ᠊∙ ᠬᠦᠷᠡᠯᠰᠦ᠋ᠬᠡ ᠤᠯᠤᠰ᠂ ᠣᠷᠣᠨ ᠨᠤᠲᠤᠭ ᠤᠨ ᠲᠥᠰᠥᠪ ᠦᠨ ᠬᠥᠷᠥᠩᠭᠡ ᠪᠡᠷ ᠬᠢᠬᠦ ᠠᠷᠭ᠎ᠠ ᠬᠡᠮᠵᠢᠶ᠎ᠡ᠂ ᠲᠥᠰᠥᠯ᠂ ᠬᠥᠲᠥᠯᠪᠦᠷᠢ ᠶᠢ ᠬᠤᠭᠤᠴᠠᠭᠠᠨ ᠳᠤ ᠨᠢ ᠬᠡᠷᠡᠭᠵᠢᠭᠦᠯᠬᠦ᠂ ᠶᠢᠰᠦᠨ ᠠᠶᠢᠮᠠᠭ ᠲᠤ ᠳᠤᠯᠠᠭᠠᠨ ᠤ ᠰᠲ᠋ᠠᠨᠼ᠂ 10 ᠠᠶᠢᠮᠠᠭ ᠤᠨ ᠴᠡᠪᠡᠷᠯᠡᠬᠦ ᠪᠠᠶᠢᠭᠤᠯᠤᠮᠵᠢ ᠪᠠᠷᠢᠬᠤ᠂ 117 ᠰᠤᠷᠭᠠᠭᠤᠯᠢ᠂ 34 ᠴᠡᠴᠡᠷᠯᠢᠭ᠂ ᠠᠩᠬᠠᠨ ᠱᠠᠲᠤᠨ ᠤ 62 ᠡᠮᠨᠡᠯᠭᠡ ᠶᠢᠨ ᠪᠠᠷᠢᠯᠭ᠎ᠠ ᠶᠢᠨ ᠠᠵᠢᠯ ᠤᠨ ᠭᠦᠢᠴᠡᠳᠬᠡᠭᠴᠢ ᠶᠢᠨ ᠰᠣᠩᠭᠣᠨ ᠰᠢᠯᠭᠠᠷᠠᠭᠤᠯᠤᠯᠲᠠ ᠶᠢ ᠢᠯᠡ ᠲᠣᠳᠣ᠂ ᠰᠢᠭᠤᠷᠬᠠᠢ ᠵᠣᠬᠢᠶᠠᠨ ᠪᠠᠶᠢᠭᠤᠯᠬᠤ ᠶᠢ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠨᠠᠷ ᠲᠤ ᠡᠭᠦᠷᠭᠡ ᠪᠣᠯᠭᠠᠯ᠎ᠠ᠃ ᠮᠥᠨ ᠲᠥᠰᠥᠪ ᠦᠨ ᠰᠠᠬᠢᠯᠭ᠎ᠠ ᠪᠠᠲᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠬᠥᠷᠥᠩᠭᠡ ᠶᠢ ᠦᠷ᠎ᠡ ᠠᠰᠢᠭ ᠲᠠᠢ ᠵᠠᠷᠤᠴᠠᠭᠤᠯᠬᠤ᠂ ᠣᠷᠣᠨ ᠨᠤᠲᠤᠭ ᠤᠨ ᠬᠥᠭᠵᠢᠯ ᠦᠨ ᠰᠠᠩ ᠤᠨ ᠬᠥᠷᠥᠩᠭᠡ ᠶᠢ ᠵᠣᠷᠢᠭᠤᠯᠤᠯᠲᠠ ᠪᠤᠰᠤ ᠪᠠᠷ ᠵᠠᠷᠤᠴᠠᠭᠤᠯᠳᠠᠭ ᠢ ᠲᠠᠰᠤᠯᠤᠨ ᠵᠣᠭᠰᠣᠭᠠᠬᠤ᠂ ᠲᠥᠷᠥ ᠶᠢᠨ ᠪᠣᠳᠣᠯᠭ᠎ᠠ᠂ ᠠᠵᠢᠯ ᠤᠨ ᠵᠠᠯᠭᠠᠮᠵᠢ ᠴᠢᠨᠠᠷ᠂ ᠲᠣᠭᠲᠠᠪᠤᠷᠢᠲᠠᠢ ᠪᠠᠶᠢᠳᠠᠯ ᠢ ᠬᠠᠩᠭᠠᠵᠤ᠂ ᠲᠥᠷᠥ ᠶᠢᠨ ᠠᠯᠪᠠᠨ ᠬᠠᠭᠠᠭᠴᠢ ᠶᠢ ᠲᠣᠭᠲᠠᠪᠤᠷᠢ ᠰᠠᠭᠤᠷᠢᠰᠢᠯ ᠲᠠᠢ ᠠᠵᠢᠯᠯᠠᠭᠤᠯᠵᠤ᠂ ᠨᠡᠶᠢᠭᠡᠮ ᠤᠨ ᠪᠠᠲᠤᠯᠠᠭ᠎ᠠ ᠶᠢ ᠨᠢ ᠬᠠᠩᠭᠠᠬᠤ᠂ ᠴᠢᠳᠠᠪᠬᠢᠵᠢᠭᠤᠯᠬᠤ᠂ ᠱᠠᠲᠤᠯᠠᠨ ᠳᠡᠪᠰᠢᠭᠦᠯᠬᠦ ᠵᠠᠷᠴᠢᠮ ᠪᠠᠷᠢᠮᠲᠠᠯᠠᠬᠤ᠂ ᠰᠤᠮᠤ ᠬᠥᠭᠵᠢᠭᠦᠯᠬᠦ ᠰᠠᠩ ᠂ ᠵᠠᠰᠠᠭ ᠳᠠᠷᠤᠭ᠎ᠠ ᠶᠢᠨ ᠨᠥᠭᠡᠴᠡ ᠬᠥᠷᠥᠩᠭᠡ ᠶᠢ ᠬᠠᠤᠯᠢ ᠪᠤᠰᠤ ᠪᠠᠷ ᠵᠠᠷᠤᠴᠠᠭᠤᠯᠳᠠᠭ᠂ ᠨᠥᠬᠥᠨ ᠰᠡᠷᠭᠦᠭᠡᠯᠲᠡ ᠨᠡᠷ᠎ᠡ ᠪᠡᠷ ᠭᠡᠷ᠎ᠡ ᠪᠠᠶᠢᠭᠤᠯᠵᠤ ᠠᠰᠢᠭᠲᠤ ᠮᠠᠯᠲᠠᠮᠠᠯ ᠤᠨ ᠣᠯᠪᠤᠷᠢᠯᠠᠯᠲᠠ ᠶᠠᠪᠤᠭᠤᠯᠳᠠᠭ ᠵᠡᠷᠭᠡ ᠳᠤᠲᠠᠭᠳᠠᠯ ᠢ ᠵᠣᠭᠰᠣᠭᠠᠬᠤ ᠶᠢ ᠰᠠᠨᠠᠭᠤᠯᠤᠯ᠎ᠠ᠃ ᠲᠡᠭᠦᠨᠴᠢᠯᠡᠨ ᠲᠡᠦᠬᠡ ᠰᠤᠶᠤᠯ ᠤᠨ ᠥᠪ ᠢ ᠬᠠᠳᠠᠭᠠᠯᠠᠬᠤ᠂ ᠬᠠᠮᠠᠭᠠᠯᠠᠬᠤ ᠂ ︽ᠰᠤᠶᠤᠯ ᠤᠨ ᠪᠡᠶᠡᠲᠦ ᠪᠤᠰᠤ ᠥᠪ ︾᠂ ︽ᠴᠢᠯᠠᠭᠤᠨ ᠰᠤᠶᠤᠯ ᠤᠨ ᠥᠪ ᠢ ᠬᠠᠮᠠᠭᠠᠯᠠᠬᠤ︾ ᠦᠨᠳᠦᠰᠦᠨ ᠦ ᠬᠥᠲᠥᠯᠪᠦᠷᠢ ᠶᠢ ᠬᠡᠷᠡᠭᠵᠢᠭᠦᠯᠬᠦ ᠶᠢ ᠡᠭᠦᠷᠭᠡ ᠪᠣᠯᠭᠠᠭᠰᠠᠨ ᠶᠤᠮ᠃