ᠬᠠᠤᠯᠢ ᠠᠴᠠ ᠵᠢᠭᠤᠲᠠᠬᠤ ᠱᠠᠭᠠᠷᠳᠠᠯᠭ᠎ᠠ ᠨᠠᠳᠠ ᠳᠤ ᠪᠠᠶᠢᠬᠤ ᠦᠭᠡᠢ | News.MN

ᠬᠠᠤᠯᠢ ᠠᠴᠠ ᠵᠢᠭᠤᠲᠠᠬᠤ ᠱᠠᠭᠠᠷᠳᠠᠯᠭ᠎ᠠ ᠨᠠᠳᠠ ᠳᠤ ᠪᠠᠶᠢᠬᠤ ᠦᠭᠡᠢ

ᠮᠣᠩᠭᠣᠯ ᠤᠯᠤᠰ ᠤᠨ ᠶᠡᠷᠦᠩᠬᠡᠶᠢᠯᠡᠭᠴᠢ ᠴ∙ᠡᠯᠪᠡᠭᠳᠣᠷᠵᠢ ᠠᠪᠯᠢᠭ᠎ᠠ ᠲᠠᠢ ᠲᠡᠮᠡᠴᠡᠬᠦ ᠭᠠᠵᠠᠷ ᠲᠤ ᠮᠡᠳᠡᠭᠦᠯᠭᠡ ᠥᠭᠭᠦᠭᠡᠳ ᠭᠠᠷᠴᠤ ᠢᠷᠡᠭᠰᠡᠨ ᠦ ᠪᠡᠨ ᠳᠠᠷᠠᠭ᠎ᠠ ᠪᠠᠶᠢᠷᠢ ᠰᠠᠭᠤᠷᠢ ᠪᠠᠨ ᠢᠯᠡᠷᠬᠡᠶᠢᠯᠡᠯ᠎ᠡ᠃ ᠲᠡᠷᠡ ᠪᠡᠷ᠄ ᠰᠠᠶᠢᠨ ᠪᠠᠶᠢᠵᠠᠭᠠᠨ᠎ᠠ ᠤᠤ᠃ ᠲᠠᠪᠤᠨᠲᠣᠯᠣᠭᠠᠢ ᠶᠢᠨ ᠣᠷᠳᠣ ᠭᠠᠵᠠᠷ ᠲᠠᠢ ᠬᠣᠯᠪᠣᠭᠠᠲᠠᠢ ᠠᠰᠠᠭᠤᠳᠠᠯ ᠢᠶᠠᠷ ᠳᠠᠭᠤᠳᠠᠭᠳᠠᠯ᠎ᠠ᠃ ᠶᠡᠷᠦᠩᠬᠡᠶᠢᠯᠡᠭᠴᠢ ᠶᠢᠨ ᠪᠦᠷᠢᠳᠦᠭᠦᠯᠵᠦ ᠥᠭᠭᠦᠭᠰᠡᠨ ᠮᠠᠲ᠋ᠧᠷᠢᠶᠠᠯ ᠲᠠᠢ ᠬᠣᠯᠪᠣᠭ᠎ᠠ ᠲᠠᠢ ᠠᠰᠠᠭᠤᠳᠠᠯ ᠢᠶᠠᠷ ︽ᠭᠡᠷᠡᠴᠢ︾  ᠪᠡᠷ ᠳᠠᠭᠤᠳᠠᠵᠤ ᠲᠣᠳᠣᠷᠠᠭᠤᠯᠭ᠎ᠠ ᠠᠪᠤᠭᠰᠠᠨ ᠃ ᠬᠠᠤᠯᠢ ᠶᠢᠨ ᠡᠮᠦᠨ᠎ᠡ ᠪᠦᠭᠦᠳᠡ ᠲᠡᠭᠰᠢ ᠪᠠᠶᠢᠬᠤ ᠶᠣᠰᠣᠲᠠᠢ᠃ ᠬᠠᠤᠯᠢ ᠳᠠᠭᠤᠳᠠᠭᠰᠠᠨ ᠴᠠᠭ ᠲᠤ ᠣᠴᠢᠵᠤ ᠲᠣᠳᠣᠷᠠᠭᠤᠯᠭ᠎ᠠ ᠥᠭᠴᠦ᠂ ᠠᠰᠠᠭᠤᠯᠲᠠ ᠳᠤ ᠨᠢ ᠬᠠᠷᠢᠭᠤᠯᠲᠠ ᠥᠭᠬᠦ ᠡᠭᠦᠷᠭᠡ ᠲᠡᠢ᠃ ᠠᠯᠪᠠᠨ ᠲᠤᠰᠢᠶᠠᠯᠲᠠᠨ ᠨᠤᠭᠤᠳ ᠬᠠᠤᠯᠢ ᠠᠴᠠ ᠵᠢᠭᠤᠳᠠᠵᠤ ᠪᠣᠯᠬᠤ ᠦᠭᠡᠢ᠃
ᠬᠣᠶᠠᠳᠤᠭᠠᠷ ᠲᠤ᠂ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠲᠠᠯ᠎ᠠ ᠪᠠᠷ ᠨᠠᠳᠠ ᠠᠴᠠ ᠠᠰᠠᠭᠤᠭ᠎ᠠ ᠦᠭᠡᠢ᠃ ᠭᠡᠬᠦ ᠳᠦ ᠪᠡᠨ ᠮᠣᠩᠭᠣᠯ ᠤᠯᠤᠰ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠳᠦ ᠡᠯᠰᠡᠵᠦ ᠪᠣᠯᠬᠤ ᠦᠭᠡᠢ᠃ ᠮᠣᠩᠭᠣᠯ ᠤᠨ ᠠᠷᠠᠳ ᠲᠦᠮᠡᠨ ᠦ ᠡᠷᠬᠡ᠂ ᠡᠷᠬᠡ ᠴᠢᠯᠦᠭᠡ᠂ ᠪᠡᠶ᠎ᠡ  ᠳᠠᠭᠠᠭᠠᠭᠰᠠᠨ ᠪᠠᠶᠢᠳᠠᠯ ᠳᠤ ᠠᠶᠤᠯ ᠤᠴᠠᠷᠠᠭᠤᠯᠤᠨ᠎ᠠ᠃
ᠪᠢ ᠲᠡᠷᠡ 178 ᠬᠠᠭᠤᠳᠠᠰᠤ ᠮᠠᠲ᠋ᠧᠷᠢᠶᠠᠯ ᠲᠠᠢ ᠲᠠᠨᠢᠯᠴᠠᠭ᠎ᠠ ᠦᠭᠡᠢ᠃ ᠬᠠᠪᠲᠠᠰᠤᠲᠤ ᠬᠡᠷᠡᠭ ᠲᠦ ᠬᠢᠭᠰᠡᠨ ᠪᠠᠶᠢᠭ᠎ᠠ᠃ ᠮᠢᠨᠦ ᠬᠤᠪᠢ ᠳᠤ ᠶᠡᠷᠦᠩᠬᠡᠶᠢᠯᠡᠭᠴᠢ ᠡᠴᠡ ᠲᠡᠷᠡ ᠮᠠᠲ᠋ᠧᠷᠢᠶᠠᠯ ᠢᠶᠠᠨ ᠢᠯᠡ ᠲᠣᠳᠣ ᠪᠣᠯᠭᠠᠭᠠᠴᠢ ᠭᠡᠰᠡᠨ ᠬᠦᠰᠡᠯᠲᠡ ᠲᠠᠯᠪᠢᠵᠤ ᠪᠠᠶᠢᠭ᠎ᠠ᠃ ᠨᠢᠭᠤᠬᠤ ᠵᠦᠢᠯ ᠪᠠᠶᠢᠬᠤ ᠶᠣᠰᠣ ᠦᠭᠡᠢ᠃ ᠴᠠᠭᠠᠵᠠ ᠶᠢᠨ ᠶᠠᠯ᠎ᠠ ᠶᠢᠨ ᠡᠰᠡᠷᠭᠦ ᠣᠯᠠᠨ ᠤᠯᠤᠰ ᠤᠨ ᠺᠣᠮᠢᠰ ᠭᠡᠵᠦ ᠪᠤᠢ᠃ ᠲᠡᠭᠦᠨ ᠳᠦ ᠪᠢ ᠺᠣᠮᠢᠰᠰᠠᠷ ᠤᠨ ᠡᠭᠦᠷᠭᠡ ᠲᠡᠢ᠃ ᠤᠳᠠᠬᠤ ᠦᠭᠡᠢ ᠳᠡᠯᠡᠬᠡᠢ ᠶᠢᠨ ᠺᠣᠩᠷᠧᠰ ᠪᠣᠯᠬᠤ ᠭᠡᠵᠦ ᠪᠠᠶᠢᠭ᠎ᠠ᠃ ᠲᠡᠰᠢ ᠪᠡᠨ ᠶᠠᠪᠤᠭᠠᠳ ᠬᠤᠷᠳᠤᠨ ᠢᠷᠡᠨ᠎ᠡ᠃ ᠰᠠᠨᠠᠭ᠎ᠠ ᠵᠣᠪᠠᠬᠤ ᠱᠠᠭᠠᠷᠳᠠᠯᠭ᠎ᠠ ᠦᠭᠡᠢ᠃ ᠮᠣᠩᠭᠣᠯ ᠤᠯᠤᠰ ᠤᠨ ᠬᠤᠪᠢ ᠳᠤ ᠬᠠᠤᠯᠢ ᠪᠣᠯ ᠲᠣᠮᠣ ᠬᠦᠴᠦ᠃ ᠬᠠᠤᠯᠢ ᠠᠴᠠ ᠵᠢᠭᠤᠲᠠᠬᠤ ᠶᠠᠮᠠᠷ ᠴᠤ ᠱᠠᠭᠠᠷᠳᠠᠯᠭ᠎ᠠ ᠨᠠᠳᠠ ᠳᠤ ᠪᠠᠶᠢᠬᠤ ᠦᠭᠡᠢ᠃ ᠳᠠᠭᠤᠳᠠᠭᠰᠠᠨ ᠴᠠᠭ ᠲᠤ ᠨᠢ ᠢᠷᠡᠵᠦ ᠮᠡᠳᠡᠭᠦᠯᠭᠡ ᠥᠭᠭᠦᠨ᠎ᠡ ᠭᠡᠯ᠎ᠡ᠃

ᠰᠡᠳᠬᠢᠭᠳᠡᠯ ᠦᠯᠡᠳᠡᠭᠡᠬᠦ