︽ᠶᠣᠣᠬᠣᠷ-2019︾ ᠨᠠᠭᠠᠳᠤᠮ ᠢᠷᠡᠬᠦ ᠳᠣᠯᠣᠳᠤᠭᠠᠷ ᠰᠠᠷ᠎ᠠ ᠶᠢᠨ 18᠂ 19 ᠳᠤ ᠬᠡᠨᠲᠡᠢ ᠠᠶᠢᠮᠠᠭ ᠤᠨ ᠪᠠᠲᠤᠰᠢᠷᠡᠭᠡᠲᠦ ᠰᠤᠮᠤᠨ ᠳᠤ ᠵᠣᠬᠢᠶᠠᠨ ᠪᠠᠶᠢᠭᠤᠯᠬᠤ ᠶᠤᠮ ᠪᠠᠶᠢᠨ᠎ᠠ᠃ ᠤᠭ ᠨᠠᠭᠠᠳᠤᠮ ᠤᠨ ᠭᠣᠣᠯ ᠵᠣᠷᠢᠯᠭ᠎ᠠ ᠨᠢ ᠪᠤᠷᠢᠶᠠᠳ ᠤᠨ ᠤᠯᠠᠮᠵᠢᠯᠠᠯᠲᠤ ᠠᠷᠠᠳ ᠤᠨ ᠲᠣᠭᠣᠷᠢᠨ ᠪᠦᠵᠢᠭ ᠶᠣᠣᠬᠣᠷ ᠢ ᠬᠠᠳᠠᠭᠠᠯᠠᠵᠤ ᠬᠠᠮᠠᠭᠠᠯᠠᠨ ᠬᠣᠶᠢᠴᠢ ᠦᠶ᠎ᠡ ᠳᠦ ᠪᠡᠨ ᠥᠪᠯᠡᠭᠦᠯᠬᠦ ᠶᠤᠮ᠃ ᠰᠡᠭᠦᠯ ᠦᠨ ᠵᠢᠯ ᠦᠳ ᠲᠦ ᠤᠭ ᠠᠷᠭ᠎ᠠ ᠬᠡᠮᠵᠢᠶ᠎ᠡ ᠣᠯᠠᠨ ᠤᠯᠤᠰ ᠤᠨ ᠨᠠᠭᠠᠳᠤᠮ ᠪᠣᠯᠤᠨ ᠥᠷᠭᠡᠵᠢᠭᠰᠡᠨ ᠪᠠᠶᠢᠨ᠎ᠠ᠃ ᠡᠨᠡ ᠵᠢᠯ ᠲᠠᠪᠤᠳᠠᠬᠢ ᠤᠳᠠᠭ᠎ᠠ ᠪᠠᠨ ᠪᠣᠯᠬᠤ ︽ᠶᠣᠣᠬᠣᠷ︾ ᠨᠠᠭᠠᠳᠤᠮ ᠤᠨ ᠦᠶ᠎ᠡ ᠪᠡᠷ ᠡᠷᠳᠡᠮ ᠰᠢᠨᠵᠢᠯᠡᠭᠡᠨ ᠦ ᠬᠤᠷᠠᠯ᠂ ᠬᠦᠴᠦᠲᠦ ᠪᠥᠬᠡ ᠶᠢᠨ ᠪᠠᠷᠢᠯᠳᠤᠭᠠᠨ᠂ ᠪᠤᠷᠢᠶᠠᠳ ᠰᠤᠷ ᠤᠨ ᠬᠠᠷᠪᠤᠭ᠎ᠠ᠂ ᠬᠠᠲᠠᠷᠢᠶ᠎ᠠ ᠵᠢᠷᠤᠭ᠎ᠠ ᠮᠣᠷᠢᠳ ᠤᠨ ᠤᠷᠤᠯᠳᠤᠭᠠᠨ᠂ ᠰᠡᠭᠡᠷ ᠴᠤᠬᠢᠬᠤ ᠨᠠᠭᠠᠳᠤᠮ ᠵᠡᠷᠭᠡ ᠪᠤᠷᠢᠶᠠᠳ ᠶᠠᠰᠤᠲᠠᠨ ᠤ ᠵᠠᠩ ᠵᠠᠩᠰᠢᠯ᠂ ᠰᠤᠶᠤᠯ᠂ ᠦᠨᠳᠦᠰᠦᠨ ᠦ ᠰᠫᠣᠷᠲ ᠤᠨ ᠣᠨᠴᠠᠯᠢᠭ ᠢ ᠬᠠᠷᠠᠭᠤᠯᠤᠭᠰᠠᠨ ᠲᠡᠮᠡᠴᠡᠭᠡᠨ ᠤᠷᠤᠯᠳᠤᠭᠠᠨ ᠪᠣᠯᠬᠤ ᠠᠵᠡᠢ᠃