ᠢᠷᠡᠬᠦ ᠰᠠᠷ᠎ᠠ ᠶᠢᠨ 1-3᠍ ᠳᠦ ᠮᠦᠽᠧᠢ ᠲᠦᠯᠦᠪᠤᠷᠢ ᠦᠭᠡᠢ ᠦᠢᠯᠡᠴᠢᠯᠡᠨ᠎ᠡ | News.MN

ᠢᠷᠡᠬᠦ ᠰᠠᠷ᠎ᠠ ᠶᠢᠨ 1-3᠍ ᠳᠦ ᠮᠦᠽᠧᠢ ᠲᠦᠯᠦᠪᠤᠷᠢ ᠦᠭᠡᠢ ᠦᠢᠯᠡᠴᠢᠯᠡᠨ᠎ᠡ

ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠰᠠᠶᠢᠳ ᠠᠰᠠᠨ ᠼ∙ᠴᠣᠭᠵᠢᠯᠮ᠎ᠠ ᠥᠩᠭᠡᠷᠡᠭᠰᠡᠨ ᠵᠢᠯ ᠵᠢᠯ ᠪᠦᠷᠢ ᠶᠢᠨ ᠭᠤᠷᠪᠠᠳᠤᠭᠠᠷ ᠰᠠᠷ᠎ᠠ ᠶᠢᠨ ᠡᠬᠢᠨ ᠦ ᠳᠣᠯᠣᠭ᠎ᠠ ᠬᠣᠨᠣᠭ ᠲᠤ ︽ᠮᠦᠽᠧᠢ ᠶᠢᠨ ᠨᠡᠭᠡᠭᠡᠯᠲᠡ ᠲᠡᠢ ᠡᠳᠦᠷ ᠦᠳ︾ ᠢ ᠵᠣᠬᠢᠶᠠᠨ ᠪᠠᠶᠢᠭᠤᠯᠬᠤ ᠲᠤᠰᠢᠶᠠᠯ ᠭᠠᠷᠭᠠᠭᠰᠠᠨ ᠪᠢᠯᠡ᠃ ᠲᠣᠳᠣᠷᠠᠭᠤᠯᠪᠠᠯ᠂ ᠰᠤᠶᠤᠯ ᠤᠨ ᠪᠡᠶᠡᠲᠦ ᠥᠪ ᠲᠦ ᠲᠤᠯᠭᠠᠭᠤᠷᠢᠯᠠᠨ ᠬᠡᠦᠬᠡᠳ ᠵᠠᠯᠠᠭᠤᠰ ᠲᠤ ᠮᠣᠩᠭᠣᠯ ᠠᠬᠤᠢ᠂ ᠥᠪ ᠰᠤᠶᠤᠯ ᠢ ᠥᠪᠯᠡᠭᠦᠯᠬᠦ᠂ ᠡᠬᠡ ᠣᠷᠣᠨᠴᠢ ᠦᠵᠡᠯ ᠲᠥᠯᠦᠪᠰᠢᠭᠦᠯᠬᠦ᠂ ᠨᠡᠶᠢᠭᠡᠮ ᠤᠨ ᠬᠦᠭᠵᠢᠯ ᠳᠦ ᠮᠦᠽᠧᠢ ᠶᠢᠨ ᠤᠷᠤᠭᠤᠯᠬᠤ ᠬᠤᠪᠢ ᠨᠡᠮᠡᠷᠢ ᠶᠢ ᠨᠡᠮᠡᠭᠳᠡᠭᠦᠯᠬᠦ ᠵᠣᠷᠢᠯᠭ᠎ᠠ ᠪᠠᠷ ᠡᠨᠡᠬᠦ ᠰᠢᠢᠳᠪᠦᠷᠢ ᠶᠢ ᠭᠠᠷᠭᠠᠭᠰᠠᠨ᠃
ᠡᠨᠡ ᠳᠠᠭᠠᠤ ᠡᠨᠡ ᠵᠢᠯ ᠦᠨ ᠭᠤᠷᠪᠠᠳᠤᠭᠠᠷ ᠰᠠᠷ᠎ᠠ ᠶᠢᠨ 1-3 ᠳᠦ ᠤᠯᠤᠰ ᠤᠨ ᠬᠡᠮᠵᠢᠶᠡᠨ ᠳᠦ ᠦᠢᠯᠡ ᠠᠵᠢᠯᠯᠠᠭ᠎ᠠ ᠶᠠᠪᠤᠭᠤᠯᠵᠤ ᠪᠤᠢ ᠪᠦᠬᠦ ᠮᠦᠽᠧᠢ ᠢᠷᠭᠡᠳ ᠲᠦ ᠦᠨ᠎ᠡ ᠲᠥᠯᠦᠪᠦᠷᠢ ᠦᠭᠡᠢ ᠦᠢᠯᠡᠴᠢᠯᠡᠨ᠎ᠡ᠃ ᠲᠤᠬᠠᠢ ᠶᠢᠨ ᠶᠠᠮᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠬᠢᠵᠦ ᠡᠬᠢᠯᠡᠵᠡᠢ᠃ ᠡᠶᠢᠮᠦ ᠳᠦ ᠠᠯᠢ ᠮᠦᠽᠧᠢ ᠬᠡᠳᠦᠨ ᠦ ᠡᠳᠦᠷ ᠬᠡᠳᠦ ᠡᠴᠡ ᠬᠡᠳᠦᠨ ᠴᠠᠭ ᠤᠨ ᠬᠣᠭᠣᠷᠣᠨᠳᠣ ᠡᠨᠡᠬᠦ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠲᠠᠯ᠎ᠠ ᠪᠠᠷ ᠳᠡᠯᠭᠡᠷᠡᠩᠭᠦᠢ ᠮᠡᠳᠡᠭᠡᠯᠡᠯ ᠥᠭᠬᠦ  ᠶᠤᠮ ᠃

ᠰᠡᠳᠬᠢᠭᠳᠡᠯ ᠦᠯᠡᠳᠡᠭᠡᠬᠦ