ᠰᠦᠬᠡᠪᠠᠭᠠᠲᠤᠷ ᠠᠶᠢᠮᠠᠭ ᠰᠤᠶᠤᠯ ᠤᠨ ᠰᠠᠯᠪᠤᠷᠢ ᠶᠢᠨ ᠢᠶᠠᠨ ᠦᠢᠯᠡ ᠠᠵᠢᠯᠯᠠᠭ᠎ᠠ ᠶᠢ ᠰᠢᠨ᠎ᠡ ᠲᠦᠪᠰᠢᠨ ᠳᠦ ᠭᠠᠷᠭᠠᠬᠤ ᠪᠠᠷ ᠬᠥᠲᠥᠯᠪᠦᠷᠢ ᠪᠣᠯᠪᠠᠰᠤᠷᠠᠭᠤᠯᠵᠤ ᠪᠠᠶᠢᠨ᠎ᠠ᠃ ᠴᠢᠨᠠᠭᠰᠢᠳᠠ ᠬᠡᠷᠬᠢᠬᠦ ᠲᠠᠯ᠎ᠠ ᠪᠠᠷ ᠰᠤᠶᠤᠯ ᠤᠨ ᠰᠠᠯᠪᠤᠷᠢ ᠶᠢᠨ ᠠᠬᠠᠮᠠᠳ ᠠᠵᠢᠯᠲᠠᠨ ᠨᠤᠭᠤᠳ᠂ ᠪᠡᠶᠡᠲᠦ ᠪᠣᠯᠤᠨ ᠪᠡᠶᠡᠲᠦ ᠪᠤᠰᠤ ᠥᠪ ᠲᠡᠭᠡᠭᠡᠭᠴᠢᠳ᠂ ᠰᠤᠷᠭᠠᠭᠤᠯᠢ ᠴᠡᠴᠡᠷᠯᠢᠭ ᠦᠨ ᠳᠠᠭᠤᠤ ᠬᠥᠭᠵᠢᠮ ᠦᠨ ᠪᠠᠭᠰᠢ ᠨᠠᠷ᠂ ᠲᠥᠷᠥ ᠶᠢᠨ ᠪᠠᠶᠢᠭᠤᠯᠤᠯᠭ᠎ᠠ ᠶᠢᠨ ᠲᠥᠯᠥᠭᠡᠯᠡᠯ ᠦᠳ ᠢ ᠣᠷᠤᠯᠴᠠᠭᠤᠯᠤᠭᠰᠠᠨ ᠬᠡᠯᠡᠯᠴᠡᠭᠦᠯᠭᠡ ᠶᠢ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠍ ᠠᠴᠠ ᠵᠣᠬᠢᠶᠠᠨ ᠪᠠᠶᠢᠭᠤᠯᠤᠯ᠎ᠠ᠃ ᠬᠡᠯᠡᠯᠴᠡᠭᠦᠯᠭᠡ ᠳᠦ 60 ᠭᠠᠷᠤᠢ ᠬᠦᠮᠦᠨ ᠣᠷᠣᠯᠴᠠᠭᠰᠠᠨ ᠶᠤᠮ᠃
︽ᠠᠶᠢᠮᠠᠭ ᠥᠪᠡᠷ ᠦᠨ ᠭᠡᠰᠡᠨ ᠰᠤᠶᠤᠯ ᠤᠷᠠᠯᠢᠭ ᠤᠨ ᠬᠥᠭᠵᠢᠯ ᠦᠨ ᠬᠥᠲᠥᠯᠪᠦᠷᠢ ᠲᠡᠢ ᠪᠣᠯᠬᠤ ᠭᠡᠰᠡᠨ ᠲᠣᠮᠣᠬᠠᠨ ᠵᠣᠷᠢᠯᠲᠠ ᠶᠢ ᠳᠡᠪᠰᠢᠭᠦᠯᠦᠭᠰᠡᠨ᠃ ᠭᠡᠪᠡᠴᠦ ᠡᠭᠦᠨ ᠢ ᠥᠨᠥ ᠬᠦᠷᠲᠡᠯ᠎ᠡ ᠠᠯᠪᠠᠨ ᠶᠣᠰᠣᠭᠠᠷ ᠪᠠᠲᠤᠯᠠᠭᠤᠯᠤᠭᠠ ᠦᠭᠡᠢ ᠶᠠᠪᠤᠭᠰᠠᠭᠠᠷ ᠢᠷᠡᠭᠰᠡᠨ᠃ ᠰᠦᠬᠡᠪᠠᠭᠠᠲᠤᠷ ᠠᠶᠢᠮᠠᠭ ᠤᠨ ᠬᠤᠪᠢ ᠳᠤ ᠰᠤᠶᠤᠯ ᠤᠨ ᠠᠰᠠᠭᠤᠳᠠᠯ ᠣᠷᠬᠢᠭᠳᠠᠵᠤ᠂ ᠠᠩᠬᠠᠷᠬᠤ ᠱᠠᠭᠠᠷᠳᠠᠯᠭ᠎ᠠ ᠲᠠᠢ ᠪᠣᠯᠤᠭᠰᠠᠨ ᠲᠤᠯᠠ ᠪᠢᠳᠡ ᠰᠤᠶᠤᠯ ᠤᠷᠠᠯᠢᠭ ᠤᠨ ᠬᠥᠭᠵᠢᠯ ᠦᠨ ᠬᠥᠲᠥᠯᠪᠦᠷᠢ ᠶᠢᠨ ᠡᠬᠢᠨ ᠦ ᠱᠠᠲᠤᠨ ᠤ ᠬᠡᠯᠡᠯᠴᠡᠭᠦᠯᠭᠡ ᠶᠢ ᠬᠢᠵᠦ ᠪᠠᠶᠢᠨ᠎ᠠ ᠭᠡᠵᠦ ᠣᠶᠢᠯᠠᠭᠠᠵᠤ ᠪᠣᠯᠤᠨ᠎ᠠ᠃ ᠠᠶᠢᠮᠠᠭ ᠤᠨ ᠬᠡᠮᠵᠢᠶᠡᠨ ᠳᠦ ᠰᠤᠶᠤᠯ ᠤᠷᠠᠯᠢᠭ ᠤᠨ ᠠᠰᠠᠭᠤᠳᠠᠯ ᠢ ᠠᠩᠬᠠᠷᠤᠯ ᠳᠤ ᠪᠠᠨ ᠠᠪᠬᠤ ᠴᠠᠭ ᠬᠡᠳᠦᠶᠢᠨ ᠪᠣᠯᠵᠠᠢ᠃ ᠡᠭᠦᠨ ᠦ ᠲᠣᠳᠣ ᠵᠢᠱᠢᠶ᠎ᠡ ᠨᠢ ᠰᠤᠶᠤᠯ ᠤᠨ ᠪᠠᠶᠢᠭᠤᠯᠤᠯᠭ᠎ᠠ ᠳᠤ ᠠᠵᠢᠯᠯᠠᠵᠤ ᠪᠠᠶᠢᠭ᠎ᠠ ᠬᠦᠮᠦᠰ ᠦᠨ ᠶᠡᠬᠡᠩᠬᠢ ᠨᠢ ᠮᠡᠷᠭᠡᠵᠢᠯ ᠦᠨ ᠪᠤᠰᠤ ᠬᠦᠮᠦᠰ ᠪᠠᠶᠢᠳᠠᠭ᠃ ᠰᠦᠬᠡᠪᠠᠭᠠᠲᠤᠷ ᠠᠶᠢᠮᠠᠭ ᠤᠨ ᠬᠡᠮᠵᠢᠶᠡᠨ ᠳᠦ 12 ᠰᠤᠶᠤᠯ ᠤᠨ ᠲᠥᠪ ᠪᠤᠢ᠃ ᠭᠡᠲᠡᠯ᠎ᠡ ᠡᠭᠦᠨ ᠦ ᠶᠡᠷᠦ ᠳᠦ ᠪᠡᠨ ᠳᠥᠷᠪᠡ ᠨᠢ ᠮᠡᠷᠭᠡᠵᠢᠯ ᠦᠨ ᠳᠠᠭᠤᠤ ᠬᠥᠭᠵᠢᠮ ᠦᠨ᠂ ᠬᠣᠶᠠᠷ ᠨᠢ ᠮᠡᠷᠭᠡᠵᠢᠯ ᠦᠨ ᠪᠦᠵᠢᠭ ᠦᠨ ᠪᠠᠭᠰᠢ ᠲᠠᠢ᠃ ᠪᠤᠰᠤᠳ ᠨᠢ ᠮᠡᠷᠭᠡᠵᠢᠯ ᠦᠨ ᠪᠤᠰᠤ᠂ ᠥᠭᠡᠷ᠎ᠡ ᠪᠡᠷ ᠬᠡᠯᠡᠪᠡᠯ ᠠᠷᠠᠳ ᠤᠨ ᠠᠪᠢᠶᠠᠰᠲᠠᠨ ᠨᠤᠭᠤᠳ ᠪᠠᠶᠢᠳᠠᠭ ᠭᠡᠰᠡᠨ ᠦᠭᠡ᠃ ᠡᠨᠡ ᠨᠢ ᠰᠤᠶᠤᠯ ᠤᠨ ᠪᠣᠳᠣᠯᠭ᠎ᠠ ᠲᠣᠳᠣᠷᠬᠠᠢ ᠬᠡᠮᠵᠢᠶ᠎ᠡ ᠪᠡᠷ ᠦᠭᠡᠶᠢᠯᠡᠭᠳᠡᠵᠦ ᠪᠠᠶᠢᠭ᠎ᠠ ᠶᠢᠨ ᠢᠯᠡᠷᠡᠯ᠃ ᠨᠥᠭᠥᠭᠡ ᠲᠠᠯ᠎ᠠ ᠪᠠᠷ ᠰᠤᠶᠤᠯ ᠤᠷᠠᠯᠢᠭ ᠤᠨ ᠪᠠᠶᠢᠭᠤᠯᠤᠯᠭ᠎ᠠ ᠶᠢᠨ ᠬᠦᠮᠦᠨ ᠦ ᠨᠥᠭᠡᠴᠡ ᠳᠡᠭᠡᠷ᠎ᠡ ᠠᠩᠬᠠᠷᠬᠤ ᠱᠠᠭᠠᠷᠳᠠᠯᠭ᠎ᠠ ᠲᠠᠢ ᠪᠣᠯᠤᠭᠰᠠᠨ ᠢ ᠬᠠᠷᠠᠭᠤᠯᠵᠤ ᠪᠠᠶᠢᠭ᠎ᠠ ᠶᠤᠮ᠃ ᠠᠶᠢᠮᠠᠭ ᠤᠨ ᠰᠤᠶᠤᠯ ᠤᠷᠠᠯᠢᠭ ᠤᠨ ᠬᠥᠭᠵᠢᠯ ᠦᠨ ᠬᠥᠲᠥᠯᠪᠦᠷᠢ ᠪᠠᠲᠤᠯᠠᠭᠳᠠᠭᠰᠠᠨ ᠢᠶᠠᠷ ᠡᠨᠡ ᠪᠠᠶᠢᠳᠠᠯ ᠰᠢᠨ᠎ᠡ ᠲᠦᠪᠰᠢᠨ ᠳᠦ ᠭᠠᠷᠴᠤ ᠢᠷᠡᠨ᠎ᠡ ᠭᠡᠵᠦ ᠬᠠᠷᠠᠵᠤ ᠪᠠᠶᠢᠭ᠎ᠠ᠃ ᠬᠥᠲᠥᠯᠪᠦᠷᠢ ᠶᠢ ᠣᠶᠢᠷ᠎ᠠ ᠶᠢᠨ ᠬᠤᠭᠤᠴᠠᠭᠠᠨ ᠳᠤ ᠪᠠᠲᠤᠯᠠᠭᠤᠯᠵᠤ᠂ ᠠᠵᠢᠯ ᠬᠡᠷᠡᠭ ᠪᠣᠯᠭᠠᠨ᠎ᠠ ︾ ᠭᠡᠵᠤ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠨᠡᠶᠢᠭᠡᠮ ᠤᠨ ᠪᠣᠳᠣᠯᠭ᠎ᠠ ᠶᠢᠨ ᠬᠡᠯᠲᠡᠰ ᠦᠨ ᠳᠠᠷᠤᠭ᠎ᠠ ᠭ∙ᠮᠦᠩᠬᠡᠵᠡᠶᠠᠭᠠ ᠬᠡᠯᠡᠯ᠎ᠡ᠃