ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠲᠤ ᠦᠢᠯᠡᠴᠢᠯᠡᠬᠦ ᠲᠥᠪ ᠲᠡᠢ ᠪᠣᠯᠤᠯ᠎ᠠ | News.MN

ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠲᠤ ᠦᠢᠯᠡᠴᠢᠯᠡᠬᠦ ᠲᠥᠪ ᠲᠡᠢ ᠪᠣᠯᠤᠯ᠎ᠠ

ᠮᠠᠨ ᠤ ᠤᠯᠤᠰ ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠲᠤ ᠦᠢᠯᠡᠴᠢᠯᠡᠳᠡᠭ ᠨᠢᠭᠡ ᠴᠡᠭ ᠦᠨ ᠦᠢᠯᠡᠴᠢᠯᠡᠭᠡᠨ ᠦ ᠲᠥᠪ ᠲᠡᠢ ᠪᠣᠯᠤᠯ᠎ᠠ᠃ ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠲᠤᠰ ᠦᠢᠯᠡᠴᠢᠯᠡᠭᠡ ᠪᠡᠷ ᠳᠠᠮᠵᠢᠭᠤᠯᠤᠨ ᠮᠣᠩᠭᠣᠯ ᠤᠯᠤᠰ ᠤᠨ ᠬᠥᠷᠥᠩᠭᠡ ᠣᠷᠣᠭᠤᠯᠤᠭᠴᠢᠳ ᠲᠤ ᠦᠵᠡᠭᠦᠯᠵᠦ ᠪᠤᠢ ᠲᠥᠷᠥ ᠶᠢᠨ ᠦᠢᠯᠡᠴᠢᠯᠡᠭᠡ ᠶᠢ ᠠᠪᠬᠤ ᠪᠣᠯᠤᠮᠵᠢ ᠲᠠᠢ ᠶᠤᠮ᠃ ᠢᠩᠭᠢᠭᠰᠡᠨ ᠢᠶᠡᠷ  ᠭᠠᠳᠠᠨ᠎ᠠ ᠶᠢᠨ ᠢᠷᠭᠡᠳ ᠴᠠᠭ ᠬᠤᠭᠤᠴᠠᠭ᠎ᠠ᠂ ᠬᠥᠷᠥᠩᠭᠡ ᠮᠥᠩᠭᠥ ᠪᠡᠨ ᠬᠡᠮᠨᠡᠨ᠎ᠡ᠃  ᠨᠡᠭᠡᠭᠡᠯᠲᠡ ᠶᠢᠨ ᠦᠶ᠎ᠡ ᠪᠡᠷ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ᠄ ᠵᠠᠰᠠᠭ ᠤᠨ ᠭᠠᠵᠠᠷ ᠤᠨ ᠵᠦᠭ ᠡᠴᠡ ᠬᠦᠨᠡᠰᠦ᠂ ᠠᠷᠠᠰᠤ ᠰᠢᠷᠢ ᠪᠣᠯᠪᠠᠰᠤᠷᠠᠭᠤᠯᠬᠤ ᠦᠢᠯᠡᠳᠪᠦᠷᠢᠯᠡᠯ᠂ ᠰᠠᠪᠬᠢᠨ ᠡᠳ᠋ᠯᠡᠯ ᠦᠨ ᠦᠢᠯᠡᠳᠪᠦᠷᠢᠯᠡᠯ ᠳᠦ ᠬᠥᠷᠥᠩᠭᠡ ᠲᠠᠲᠠᠬᠤ ᠪᠠᠷ ᠠᠵᠢᠯᠯᠠᠵᠤ ᠪᠠᠶᠢᠭ᠎ᠠ᠃ ᠲᠤᠬᠠᠶᠢᠯᠠᠪᠠᠯ᠂ ᠮᠢᠬᠠᠨ ᠤ ᠡᠺᠰᠫᠣᠷᠲ ᠢ ᠨᠡᠮᠡᠭᠳᠡᠭᠦᠯᠵᠦ᠂ 2018 ᠣᠨ ᠤ ᠮᠢᠬᠠᠨ ᠤ ᠡᠺᠰᠫᠣᠷᠲ 2014 ᠣᠨ ᠤ ᠬᠢ ᠠᠴᠠ 30 ᠳᠠᠬᠢᠨ ᠨᠡᠮᠡᠭᠳᠡᠭᠰᠡᠨ᠃ ᠬᠥᠷᠥᠩᠭᠡ ᠣᠷᠣᠭᠤᠯᠤᠭᠴᠢᠳ ᠲᠤ ᠲᠤᠯᠭᠠᠮᠳᠠᠳᠠᠭ ᠠᠰᠠᠭᠤᠳᠠᠯ ᠨᠢ ᠬᠥᠷᠥᠩᠭᠡ ᠣᠷᠣᠭᠤᠯᠤᠯᠲᠠ ᠬᠢᠬᠦ ᠳᠦ ᠵᠠᠬ᠎ᠠ ᠵᠡᠭᠡᠯᠢ ᠪᠠᠶᠢᠭ᠎ᠠ ᠡᠰᠡᠬᠦ ᠠᠰᠠᠭᠤᠳᠠᠯ᠃ ᠮᠣᠩᠭᠣᠯ ᠤᠨ ᠬᠥᠳᠡᠭᠡ ᠠᠵᠤ ᠠᠬᠤᠢ ᠶᠢᠨ ᠰᠠᠯᠪᠤᠷᠢ ᠨᠢ ᠠᠭᠤᠯᠠ ᠠᠭᠤᠷᠬᠠᠢ ᠶᠢᠨ ᠳᠠᠷᠠᠭ᠎ᠠ ᠤᠷᠤᠬᠤ ᠦᠰᠦᠷᠦᠯᠲᠡ ᠲᠡᠢ ᠬᠥᠭᠵᠢᠬᠦ ᠰᠠᠯᠪᠤᠷᠢ ᠭᠡᠵᠦ ᠦᠵᠡᠭᠡᠳ ᠡᠨᠡ ᠰᠠᠯᠪᠤᠷᠢ ᠳᠤ ᠬᠥᠷᠥᠩᠭᠡ ᠣᠷᠣᠭᠤᠯᠬᠤ ᠶᠢ ᠰᠠᠨᠠᠯ ᠪᠣᠯᠭᠠᠭᠰᠠᠨ᠃ ᠮᠢᠬᠠᠨ ᠠᠴᠠ ᠭᠠᠳᠠᠨ᠎ᠠ ᠰᠦ ᠰᠦᠨ ᠪᠦᠲᠦᠭᠡᠭᠳᠡᠬᠦᠨ ᠦ ᠦᠢᠯᠡᠳᠪᠦᠷᠢᠯᠡᠯ ᠳᠦ ᠵᠠᠬ᠎ᠠ ᠵᠡᠭᠡᠯᠢ ᠶᠢ ᠲᠡᠯᠡᠵᠦ ᠪᠠᠶᠢᠭ᠎ᠠ ᠭᠡᠯ᠎ᠡ᠃ ᠭᠠᠳᠠᠭᠠᠳᠤ ᠶᠢᠨ ᠬᠥᠷᠥᠩᠭᠡ ᠣᠷᠣᠭᠤᠯᠤᠭᠴᠢ ᠨᠢ ᠨᠢᠭᠡ ᠴᠡᠭ ᠦᠨ ᠦᠢᠯᠡᠴᠢᠯᠡᠭᠡᠨ ᠡᠴᠡ ᠳᠣᠣᠷᠠᠬᠢ ᠦᠢᠯᠡᠴᠢᠯᠡᠭᠡᠨ ᠨᠦᠭᠦᠳ ᠢ ᠠᠪᠬᠤ ᠶᠤᠮ᠃
– ᠬᠥᠷᠥᠩᠭᠡ ᠣᠷᠣᠭᠤᠯᠤᠯᠲᠠ ᠶᠢᠨ ᠬᠠᠤᠯᠢ ᠡᠷᠬᠡ ᠵᠦᠢ ᠶᠢᠨ ᠣᠷᠴᠢᠨ ᠤ ᠵᠦᠪᠯᠡᠯᠭᠡ ᠮᠡᠳᠡᠭᠡᠯᠡᠯ
– ᠬᠥᠷᠥᠩᠭᠡ ᠣᠷᠣᠭᠤᠯᠤᠯᠲᠠ ᠶᠢᠨ ᠲᠠᠲᠠᠪᠤᠷᠢ ᠶᠢᠨ ᠪᠣᠯᠤᠨ ᠲᠠᠲᠠᠪᠤᠷᠢ ᠶᠢᠨ ᠪᠤᠰᠤ ᠳᠡᠮᠵᠢᠯᠭᠡ᠂ ᠪᠠᠲᠤᠯᠠᠭᠠᠨ ᠤ ᠵᠦᠪᠯᠡᠯᠭᠡ ᠮᠡᠳᠡᠭᠡᠯᠡᠯ
– ᠲᠥᠷᠥ ᠶᠢᠨ ᠦᠢᠯᠡ ᠠᠵᠢᠯᠯᠠᠭ᠎ᠠ ᠲᠠᠢ ᠬᠣᠯᠪᠣᠭ᠎ᠠ ᠲᠠᠢ ᠬᠥᠷᠥᠩᠭᠡ ᠣᠷᠣᠭᠤᠯᠤᠭᠴᠢᠳ ᠲᠤ ᠲᠤᠯᠭᠠᠷᠠᠭᠰᠠᠨ ᠭᠣᠮᠣᠳᠠᠯ ᠢ ᠬᠦᠯᠢᠶᠡᠨ ᠠᠪᠬᠤ᠂ ᠰᠢᠢᠳᠪᠦᠷᠢᠯᠡᠬᠦ ᠴᠠᠬᠢᠮ ᠰᠢᠰᠲ᠋ᠧᠮ ᠢ ᠠᠵᠢᠯᠯᠠᠭᠤᠯᠬᠤ
– ᠭᠠᠳᠠᠭᠠᠳᠤ ᠶᠢᠨ ᠬᠥᠷᠥᠩᠭᠡ ᠣᠷᠣᠭᠤᠯᠤᠯᠲᠠ ᠲᠠᠢ ᠬᠠᠤᠯᠢ ᠶᠢᠨ ᠡᠲᠡᠭᠡᠳ ᠦᠨ ᠪᠦᠷᠢᠳᠬᠡᠯ᠂ ᠣᠨᠣᠭᠠᠭᠰᠠᠨ ᠨᠡᠷ᠎ᠡ ᠶᠢᠨ ᠪᠠᠲᠤᠯᠠᠭᠠᠵᠢᠭᠤᠯᠤᠯᠲᠠ᠂ ᠨᠡᠮᠡᠯᠲᠡ᠂ ᠥᠭᠡᠷᠡᠴᠢᠯᠡᠯᠲᠡ᠂  ᠯᠠᠪᠯᠠᠯᠭ᠎ᠠ᠂ ᠲᠣᠳᠣᠷᠬᠠᠶᠢᠯᠠᠯᠲᠠ᠂ ᠬᠥᠷᠥᠩᠭᠡ ᠣᠷᠣᠭᠤᠯᠤᠭᠴᠢᠳ ᠤᠨ ᠺᠠᠷᠲ᠂ ᠪᠤᠰᠤᠳ ᠳᠠᠭᠠᠯᠳᠤᠬᠤ ᠦᠢᠯᠡᠴᠢᠯᠡᠭᠡ᠂  ᠵᠦᠪᠯᠡᠯᠭᠡ ᠮᠡᠳᠡᠭᠡᠯᠡᠯ
– ᠲᠠᠲᠠᠪᠤᠷᠢ ᠶᠢᠨ  ᠵᠦᠪᠯᠡᠯᠭᠡ ᠮᠡᠳᠡᠭᠡᠯᠡᠯ᠂ ᠲᠠᠲᠠᠪᠤᠷᠢ ᠲᠦᠯᠦᠭᠴᠢ ᠶᠢᠨ ᠪᠦᠷᠢᠳᠬᠡᠯ᠂ ᠲᠣᠭᠠᠨ ᠭᠠᠷ ᠤᠨ ᠦᠰᠦᠭ ᠣᠯᠭᠣᠬᠤ᠂  ᠯᠠᠪᠯᠠᠯᠭ᠎ᠠ ᠲᠣᠳᠣᠷᠬᠠᠶᠢᠯᠠᠯᠲᠠ ᠭᠠᠷᠭᠠᠵᠤ ᠥᠭᠬᠦ᠂ ᠲᠠᠶᠢᠯᠤᠨ ᠬᠦᠯᠢᠶᠡᠵᠦ ᠠᠪᠬᠤ᠂ ᠭᠠᠳᠠᠭᠠᠳᠤ ᠬᠥᠷᠥᠩᠭᠡ ᠣᠷᠣᠭᠤᠯᠤᠯᠲᠠ ᠲᠠᠢ ᠺᠣᠮᠫᠠᠨᠢ ᠨᠤᠭᠤᠳ᠂ ᠬᠥᠷᠥᠩᠭᠡ ᠣᠷᠣᠭᠤᠯᠤᠭᠴᠢᠳ ᠤᠨ ᠠᠦ᠋ᠲ᠋ᠤ᠋ ᠲᠡᠭᠡᠭᠡᠪᠤᠷᠢ ᠶᠢᠨ ᠬᠡᠷᠡᠭᠰᠡᠯ ᠦᠨ ᠲᠠᠲᠠᠪᠤᠷᠢ ᠬᠤᠷᠢᠶᠠᠬᠤ
– ᠮᠣᠩᠭᠣᠯ ᠤᠯᠤᠰ ᠤᠨ ᠸᠢᠽ᠂ ᠸᠢᠽ ᠦᠨ ᠵᠥᠪᠰᠢᠶᠡᠷᠡᠯ ᠣᠯᠭᠣᠬᠤ᠂ ᠲᠦᠷ ᠢᠷᠡᠭᠴᠢ ᠶᠢᠨ ᠪᠦᠷᠢᠳᠬᠡᠯ᠂ ᠬᠠᠰᠤᠯᠲᠠ ᠬᠢᠬᠦ ᠪᠣᠯᠤᠨ ᠣᠷᠣᠰᠢᠨ ᠰᠠᠭᠤᠬᠤ ᠵᠥᠪᠰᠢᠶᠡᠷᠡᠯ ᠣᠯᠭᠣᠬᠤ᠂ ᠰᠤᠩᠭᠠᠯᠲᠠ ᠬᠢᠬᠦ᠂ ᠲᠡᠭᠦᠨ ᠲᠡᠢ ᠬᠣᠯᠪᠣᠭᠠᠲᠠᠢ  ᠵᠦᠪᠯᠡᠯᠭᠡ ᠮᠡᠳᠡᠭᠡᠯᠡᠯ
– ᠨᠡᠶᠢᠭᠡᠮ ᠤᠨ ᠳᠠᠭᠠᠳᠬᠠᠯ ᠤᠨ ᠪᠦᠷᠢᠳᠬᠡᠯ᠂ ᠲᠠᠶᠢᠯᠤᠨ᠂ ᠬᠦᠯᠢᠶᠡᠵᠦ ᠠᠪᠬᠤ᠂  ᠯᠠᠪᠯᠠᠯᠭ᠎ᠠ ᠲᠣᠳᠣᠷᠬᠠᠶᠢᠯᠠᠯᠲᠠ ᠭᠠᠷᠭᠠᠬᠤ᠂ ᠵᠥᠪᠯᠡᠭᠡ ᠮᠡᠳᠡᠭᠡᠯᠡᠯ ᠥᠭᠬᠦ

ᠰᠡᠳᠬᠢᠭᠳᠡᠯ ᠦᠯᠡᠳᠡᠭᠡᠬᠦ