ᠰᠠᠶᠢᠨᠱᠠᠩᠳᠠ ᠰᠤᠮᠤ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠠᠴᠠ ᠰᠠᠨᠠᠭᠠᠴᠢᠯᠠᠵᠤ ᠮᠤᠩᠭᠤᠯ ᠤᠨ ᠦᠨᠳᠦᠰᠦᠨ ᠦ ᠤᠯᠠᠨ ᠨᠡᠶᠢᠲᠠ ᠶᠢᠨ ᠲᠸᠯᠸᠢᠰ ᠦᠨ ᠰᠫᠣᠷᠲ ᠤᠨ ᠰᠤᠪᠠᠭ ᠲᠠᠢ ᠬᠠᠮᠲᠤᠷᠠᠨ ᠬᠣᠶᠠᠳᠤᠭᠠᠷ ᠰᠠᠷ᠎ᠠ ᠶᠢᠨ 24 ᠍ ᠳᠦ ᠵᠣᠬᠢᠶᠠᠨ ᠪᠠᠶᠢᠭᠤᠯᠤᠭᠰᠠᠨ ︽ᠠᠳᠤᠭᠤᠴᠢᠨ︾ ᠲᠡᠮᠡᠴᠡᠭᠡᠨ ᠳᠦ ᠳᠣᠷᠣᠨᠠᠭᠣᠪᠢ᠂ ᠳᠤᠮᠳᠠᠭᠤᠪᠢ᠂ ᠭᠤᠪᠢᠰᠦ᠋ᠮᠪᠤᠷ᠂ ᠬᠡᠨᠲᠡᠢ᠂ᠰᠦᠬᠡᠪᠠᠭᠠᠲᠤᠷ᠂ ᠡᠮᠦᠨᠡᠭᠣᠪᠢ ᠠᠶᠢᠮᠠᠭ᠂ ᠨᠡᠶᠢᠰᠯᠡᠯ ᠦᠨ 44 ᠰᠢᠯᠢᠳᠡᠭ ᠠᠳᠤᠭᠤᠴᠢᠨ ᠤᠷᠭ᠎ᠠ ᠰᠢᠭᠦᠷᠡᠬᠦ ᠂ ᠮᠣᠷᠢ ᠲᠠᠢ ᠤᠷᠭᠠᠯᠠᠬᠤ ᠂ ᠶᠠᠪᠠᠭᠠᠨ ᠰᠢᠷᠭᠤᠭᠤᠯᠵᠤ ᠤᠷᠭᠠᠯᠠᠬᠤ᠂ ᠡᠮᠨᠢᠭ ᠪᠤᠯᠭᠢᠭᠤᠯᠬᠤ ᠵᠡᠷᠭᠡ ᠲᠥᠷᠥᠯ ᠢᠶᠡᠷ ᠠᠪᠬᠠᠯᠵᠢ ᠰᠠᠮᠪᠠᠭ᠎ᠠ ᠪᠠᠨ ᠰᠣᠷᠢᠨ ᠥᠷᠢᠰᠦᠯᠳᠦᠯ᠎ᠡ᠃
ᠮᠣᠩᠭᠣᠯ ᠤᠯᠤᠰ ᠤᠨ ᠠᠪᠤᠷᠭᠤ ᠮᠠᠯᠴᠢᠨ᠂ ᠰᠫᠣᠷᠲ ᠤᠨ ᠮᠠᠰᠲ᠋ᠸᠷ᠂ ᠤᠯᠤᠰ ᠤᠨ ᠭᠤᠷᠪᠠᠨ ᠤᠳᠠᠭ᠎ᠠ ᠶᠢᠨ ᠠᠪᠤᠷᠭᠤ ᠤᠷᠭᠠᠴᠢ ᠮᠠᠷᠠᠬᠠᠢ ᠶᠢᠨ ᠴᠢᠩᠪᠠᠲᠤ ᠶᠢᠨ ᠨᠡᠷᠡᠮᠵᠢᠲᠦ ᠲᠡᠮᠡᠴᠡᠭᠡᠨ ᠦ ᠲᠡᠷᠢᠭᠦᠨ ᠪᠠᠶᠢᠷᠢ ᠳᠤ ᠳᠣᠷᠣᠨᠠᠭᠣᠪᠢ ᠠᠶᠢᠮᠠᠭ ᠤᠨ ᠠᠶᠢᠷᠠᠭ ᠰᠤᠮᠤ ᠶᠢᠨ ᠠᠳᠤᠭᠤᠴᠢᠨ ᠲ∙ᠲᠦᠪᠰᠢᠨ-ᠡᠷᠳᠡᠨᠢ᠂ ᠳᠡᠳ᠋ ᠪᠠᠶᠢᠷᠢ ᠳᠤ ᠳᠣᠷᠣᠨᠠᠭᠣᠪᠢ ᠠᠶᠢᠮᠠᠭ ᠤᠨ ᠮᠠᠨᠳᠤᠬᠤ ᠰᠤᠮᠤ ᠶᠢᠨ ᠠᠳᠤᠭᠤᠴᠢᠨ ᠭ∙ ᠮᠢᠨᠤᠪᠢᠰᠢ᠂ ᠭᠤᠲᠠᠭᠠᠷ ᠪᠠᠶᠢᠷᠢ ᠳᠤ ᠬᠡᠨᠲᠡᠢ ᠠᠶᠢᠮᠠᠭ ᠤᠨ ᠠᠳᠤᠭᠤᠴᠢᠨ ᠫ∙ᠮᠢᠭᠮᠠᠷ-ᠡᠷᠳᠡᠨᠢ᠂ ᠳᠥᠷᠪᠡᠳᠦᠭᠡᠷ ᠪᠠᠶᠢᠷᠢ ᠳᠤ ᠭᠤᠪᠢᠰᠦ᠋ᠮᠪᠤᠷ ᠠᠶᠢᠮᠠᠭ ᠤᠨ ᠠᠳᠤᠭᠤᠴᠢᠨ ᠣ᠊∙ᠨᠢᠮ᠎ᠠ᠂ ᠲᠠᠪᠤᠳᠤᠭᠠᠷ ᠪᠠᠶᠢᠷᠢ ᠳᠤ ᠳᠤᠮᠳᠠᠭᠤᠪᠢ ᠠᠶᠢᠮᠠᠭ ᠤᠨ ᠠᠳᠤᠭᠤᠴᠢᠨ ᠫ ∙ᠡᠩᠬᠡ-ᠣᠳᠬᠣᠨ ᠨᠠᠷ ᠲᠤᠰ ᠲᠤᠰ ᠰᠢᠯᠭᠠᠷᠠᠪᠠ᠃